ᠬᠤᠲᠠ ᠶᠢᠨ ᠵᠠᠰᠠᠭ ᠤᠨ ᠣᠷᠳᠣᠨ 2022 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/8
     7 ᠰᠠᠷ᠎ᠠ ᠶᠢᠨ 7 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ 2022 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠪᠦᠬᠦ ᠤᠯᠤᠰ᠂ ᠪᠦᠬᠦ ᠣᠷᠣᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭ᠎ᠠ ᠪᠦᠷᠢᠳᠬᠡᠯ ᠢ ᠠᠳᠬᠤᠬᠤ ᠦᠭᠡᠢ ᠪᠣᠯ ᠬᠠᠷᠢᠭᠤᠴᠠᠯᠭ᠎ᠠ ᠪᠠᠨ ᠠᠯᠳᠠᠭᠰᠠᠨ ᠶᠠᠪᠤᠳᠠᠯ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠢᠯᠢ ᠵᠠᠭᠠᠭ ᠢ ᠲᠣᠳᠤᠷᠬᠠᠶᠢᠯᠠᠬᠤ᠂ ᠬᠤᠷᠢᠭ᠎ᠠ ᠱᠤᠭᠤᠮ ᠢ ᠪᠠᠲᠤ ᠰᠠᠬᠢᠬᠤ᠂ ᠬᠢᠵᠠᠭᠠᠷ ᠱᠤᠭᠤᠮ ᠳᠤ ᠬᠦᠷᠬᠦ ᠦᠭᠡᠢ ᠪᠠᠶᠢᠬᠤ ᠶᠢ ᠪᠡᠶᠡᠯᠡᠭᠦᠯᠬᠦ ᠪᠠᠷ ᠪᠠᠷᠠᠬᠤ ᠦᠭᠡᠢ ᠪᠠᠰᠠ ᠲᠤᠭ᠎ᠠ ᠪᠦᠷᠢᠳᠬᠡᠯ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠡ ᠶᠢ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠷᠦᠩᠬᠡᠶ ᠬᠠᠷᠠᠯᠲᠠ ᠪᠠ ᠬᠥᠭᠵᠢᠯᠲᠡ ᠶᠢᠨ ᠠᠷᠭ᠎ᠠ ᠵᠠᠮ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠪᠠᠯᠠ ᠮᠥᠩᠭᠦ ᠶᠢᠨ ᠣᠷᠣᠭᠤᠯᠤᠯᠲᠠ᠂ ᠰᠤᠷᠭᠠᠭᠤᠯᠢ ᠶᠢᠨ ᠬᠠᠮᠢᠶᠠᠷᠤᠯᠲᠠ᠂ ᠪᠠᠭᠰᠢ ᠶᠢᠨ ᠬᠦᠴᠦᠨ᠂ ᠤᠬᠠᠭᠤᠯᠵᠤ ᠬᠥᠲᠥᠯᠦᠨ ᠵᠢᠯᠣᠭᠤᠳᠬᠤ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠤ᠂ ᠮᠠᠨ ᠤ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃     ᠬᠤᠷᠠᠯ ᠠᠴᠠ ᠤᠯᠠᠭᠠᠨᠬᠠᠳᠠ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠦᠢᠯᠡᠰ᠂ ᠤᠯᠠᠭᠠᠨ ᠵᠠᠭᠠᠯᠮᠠᠶᠢᠲᠠᠨ ᠤ ᠦᠢᠯᠡᠰ ᠤᠨ ᠬᠤᠶᠠᠷ ︽ᠬᠥᠭᠵᠢᠯᠲᠡ ᠶᠢᠨ ᠲᠥᠯᠥᠪᠵᠢᠭᠦᠯᠭᠡ︾ ᠶᠢ ᠬᠢᠨᠠᠨ ᠵᠥᠪᠯᠡᠵᠦ ᠪᠠᠲᠤᠯᠠᠭᠠᠳ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠥᠯᠥᠪᠵᠢᠭᠦᠯᠭᠡ ᠶᠢᠨ ᠠᠭᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠲᠠ ᠬᠠᠮᠵᠢᠯᠴᠠᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠯᠥᠪᠵᠢᠭᠦᠯᠭᠡ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠡᠯ᠎ᠡ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠱᠠᠭᠠᠷᠳᠠᠪᠠ᠃     ᠬᠤᠷᠠᠯ ᠠᠴᠠ ︽ᠠᠵᠢᠯᠳᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠮᠲᠤᠪᠠᠷ ᠲᠡᠳᠬᠦᠬᠦ ᠪᠠᠲᠤᠯᠠᠪᠤᠷᠢ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠨᠠᠷᠢᠨ ᠲᠦᠷᠢᠮ︾ ᠢ ᠬᠢᠨᠠᠨ ᠵᠥᠪᠯᠡᠵᠦ ᠪᠠᠲᠤᠯᠠᠭᠠᠳ᠂ ᠡᠮ ᠡᠮᠨᠡᠯᠭᠡ ᠶᠢᠨ ᠳᠠᠭᠠᠳᠬᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠷᠢᠯᠴᠠᠨ ᠲᠤᠰᠠᠯᠠᠵᠤ ᠬᠠᠮᠲᠤᠪᠠᠷ ᠲᠡᠳᠬᠦᠬᠦ ᠤᠢᠢᠯᠠᠭᠠᠭᠳᠠᠬᠤᠨ ᠢ ᠭᠦᠢᠴᠡᠳ ᠢᠯᠡᠷᠡᠭᠦᠯᠵᠦ᠂ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠮᠲᠤᠪᠠᠷ ᠲᠡᠳᠬᠦᠬᠦ ᠪᠠᠲᠤᠯᠠᠪᠤᠷᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯᠳᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠢᠯᠴᠠᠨ ᠲᠤᠰᠠᠯᠠᠵᠤ ᠬᠠᠮᠲᠤᠪᠠᠷ ᠲᠡᠳᠬᠦᠬᠦ ᠪᠠᠲᠤᠯᠠᠪᠤᠷᠢ ᠶᠢᠨ ᠴᠢᠳᠠᠮᠵᠢ ᠶᠢ ᠴᠢᠩᠭᠠᠳᠬᠠᠵᠤ᠂ ᠤᠯᠠᠨ ᠲᠦᠮᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠵᠡᠭᠦᠨ ᠠᠭᠤᠯᠠ ᠶᠢᠨ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ᠂ ᠤᠯᠤᠰ ᠤᠨ ᠳᠡᠰ ᠤᠨ ᠵᠠᠰᠠᠮᠠᠯ ᠵᠠᠮ ᠤᠨ 305 ᠱᠤᠭᠤᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ᠃      ᠬᠤᠲᠠ ᠶᠢᠨ ᠳᠡᠳ᠋ ᠳᠠᠷᠤᠭ᠎ᠠ ᠱᠧᠩ ᠰᠢᠶᠣᠣ ᠶᠢᠦ᠂ ᠵᠠᠩ ᠵᠢᠶ ᠺᠠᠩ᠂ ᠮᠧᠩ ᠰᠢᠶᠤᠤ ᠪᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ