ᠵᠠᠩ ᠭᠥᠸᠧ ᠬᠤᠸᠠ
ᠨᠡᠶᠢᠲᠡᠯᠡᠭᠰᠡᠨ ᠴᠠᠭ᠄
2022/8/1
张国华.jpg
      ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ       ᠬᠤᠲᠠ ᠶᠢᠨ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ᠂ ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠰᠣᠶᠣᠯ ᠵᠢᠭᠤᠯᠴᠢᠯᠠᠯ ᠤᠨ ᠪᠦᠯᠦᠭᠯᠡᠯ ᠢ ᠬᠤᠪᠢᠳᠠᠨ ᠬᠠᠮᠢᠶᠠᠷᠤᠨ᠎ᠠ᠃      ᠬᠤᠲᠠ ᠶᠢᠨ ᠡᠪᠯᠡᠯ ᠤᠨ ᠬᠤᠷᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠤᠯᠠᠭᠠᠨᠬᠠᠳᠠ ᠶᠢᠨ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠤᠯᠠᠭᠠᠨᠬᠠᠳᠠ ᠶᠢᠨ ᠰᠠᠯᠪᠤᠷᠢ ᠠᠩᠭᠢ ᠵᠡᠷᠭᠡ ᠤᠯᠠᠭᠠᠨᠬᠠᠳᠠ ᠳᠤ ᠰᠠᠭᠤᠭ᠎ᠠ ᠴᠡᠷᠢᠭ ᠠᠩᠭᠢ᠂ ᠤᠯᠠᠭᠠᠨᠬᠠᠳᠠ ᠶᠢᠨ ᠡᠳᠦᠷ ᠤᠨ ᠰᠣᠨᠢᠨ ᠤ ᠬᠤᠷᠢᠶ᠎ᠠ᠂ ᠤᠯᠠᠭᠠᠨᠬᠠᠳᠠ ᠶᠢᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠤᠯᠠᠭᠠᠨᠬᠠᠳᠠ ᠬᠤᠲᠠ ᠳᠤ ᠰᠠᠭᠤᠭ᠎ᠠ ᠰᠤᠷᠪᠤᠯᠵᠢᠯᠠᠭᠴᠢ ᠶᠢᠨ ᠥᠷᠲᠡᠭᠡ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠤᠯᠠᠭᠠᠨᠬᠠᠳᠠ ᠶᠢᠨ ᠰᠤᠷᠪᠤᠯᠵᠢᠯᠠᠭᠴᠢ ᠶᠢᠨ ᠥᠷᠲᠡᠭᠡ ᠵᠡᠷᠭᠡ ᠰᠣᠨᠢᠨ ᠮᠡᠳᠡᠭᠡᠨ ᠤ ᠨᠢᠭᠡᠴᠡ᠂ ᠤᠯᠠᠭᠠᠨᠬᠠᠳᠠ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠪᠠᠶᠢᠴᠠᠭᠠᠬᠤ ᠬᠤᠪᠢᠶᠠᠷᠢ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠤᠨ ᠤᠯᠠᠭᠠᠨᠬᠠᠳᠠ ᠶᠢᠨ ᠬᠤᠪᠢᠶᠠᠷᠢ ᠬᠦᠷᠢᠶᠡᠯᠡᠩ᠂ ᠤᠯᠠᠭᠠᠨᠬᠠᠳᠠ ᠪᠣᠭᠤᠮᠲᠠ᠂ ᠤᠯᠠᠭᠠᠨᠬᠠᠳᠠ ᠬᠤᠳᠡ ᠶᠢᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨᠬᠠᠳᠠ ᠬᠤᠳᠡ ᠶᠢᠨ ᠰᠢᠤᠳᠠᠨ ᠤ ᠶᠠᠪᠤᠳᠠᠯ ᠤᠨ ᠬᠤᠪᠢᠶᠠᠷᠢ ᠺᠣᠮᠫᠠᠨᠢ᠂ ᠤᠯᠠᠭᠠᠨᠬᠠᠳᠠ ᠬᠤᠳᠡ ᠶᠢᠨ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ ︵ᠺᠣᠮᠫᠠᠨᠢ︶᠂ ᠡᠯ᠎ᠡ ᠴᠢᠯᠠᠭᠤᠨ ᠲᠣᠰᠣᠨ ᠤ ᠬᠤᠪᠢᠶᠠᠷᠢ ᠺᠣᠮᠫᠠᠨᠢ  ᠲᠠᠢ ᠬᠠᠷᠢᠯᠴᠠᠨ᠎ᠠ᠃       ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃       ᠵᠠᠩ ᠭᠥᠸᠧ ᠬᠤᠸᠠ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 5 ᠰᠠᠷ᠎ᠠ ᠳᠤ ᠲᠦᠷᠦᠵᠠᠢ᠂ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ