| ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ | ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ ᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠠᠷᠯᠠᠯ | | ᠮᠠᠨ ᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠨᠵᠢᠯᠡᠬᠦ | ᠤᠬᠠᠭᠠᠨᠴᠢ ᠪᠠᠷ ᠨᠠᠷᠢᠯᠢᠭ ᠣᠨᠤᠪᠴᠢᠲᠠᠢ ᠰᠠᠶᠢᠲᠤᠷ ᠬᠢᠵᠦ᠂ ᠬᠢᠵᠢᠭ ᠤᠨ ᠭᠠᠳᠠᠨ᠎ᠠ ᠠᠴᠠ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠤᠯᠠᠭᠠᠨᠬᠠᠳᠠ | ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ︵2022︶ 36᠂ 37 | ᠳ᠋ᠤᠭᠠᠷ ᠲᠣᠭᠠᠲᠤ ᠵᠠᠷᠯᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠰᠠᠭᠤᠷᠢᠨ ᠳᠡᠭᠡᠷ᠎ᠡ᠂ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ ᠢ | ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠳᠣᠤᠷᠠᠬᠢ ᠮᠡᠲᠦ ᠵᠠᠷᠯᠠᠶ᠎ᠠ᠄ | ᠨᠢᠭᠡ᠂ ᠲᠤᠰ ᠡᠳᠦᠷ ᠠᠴᠠ ᠡᠬᠢᠯᠡᠨ᠂ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ 48 ᠴᠠᠭ ᠤᠨ ᠳᠣᠲᠣᠷᠠᠬᠢ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ 3 ᠡᠳᠦᠷ ᠲᠤ 2 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ ︵ᠳᠠᠷᠤᠶ ᠬᠦᠷᠴᠦ | ᠢᠷᠡᠭᠰᠡᠨ ᠤ ᠳᠠᠷᠠᠭ᠎ᠠ ᠨᠢᠭᠡᠳᠦᠭᠡᠷ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠤᠶᠠᠳᠤᠭᠠᠷ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢ | ᠤᠯᠠᠭᠠᠨᠬᠠᠳᠠ ᠳᠤ ᠬᠦᠷᠴᠦ ᠢᠷᠡᠭᠰᠡᠨ ᠤ ᠳᠠᠷᠠᠭᠠᠬᠢ 24 — 72 ᠴᠠᠭ ᠤᠨ ᠳᠣᠲᠣᠷ᠎ᠠ ᠬᠢᠵᠦ ᠳᠠᠭᠤᠰᠬᠠᠨ᠎ᠠ︶᠃ | ᠬᠤᠶᠠᠷ᠂ ᠤᠢᠢᠷ᠎ᠠ ᠶᠢᠨ 7 ᠡᠳᠦᠷ ᠲᠤ ᠬᠠᠶᠢᠨᠠᠨ᠂ ᠲᠥᠪᠡᠳ᠂ ᠰᠢᠨᠵᠢᠶᠠᠩ ᠵᠡᠷᠭᠡ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠥᠩᠭᠡᠷᠡᠯᠲᠡ ᠲᠠᠢ ᠵᠢᠴᠢ | ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠡᠬᠢᠯᠡᠭᠰᠡᠨ ᠪᠤᠶᠤ ᠥᠩᠭᠡᠷᠡᠬᠦ ᠵᠠᠮ ᠬᠠᠷᠢᠯᠴᠠᠭᠠᠨ ᠤ ᠪᠠᠭᠠᠵᠢ ᠳᠤ ᠰᠠᠭᠤᠭᠰᠠᠨ ᠤᠯᠠᠭᠠᠨᠬᠠᠳᠠ ᠳᠤ ᠢᠷᠡᠬᠦ ︵ᠪᠤᠴᠠᠵᠤ | ᠢᠷᠡᠬᠦ︶ ᠬᠥᠮᠦᠰ᠂ ᠰᠠᠭᠤᠭ᠎ᠠ ᠨᠡᠶᠢᠭᠡᠮ ᠲᠣᠭᠤᠷᠢᠭ ︵ᠲᠣᠰᠬᠤᠨ ᠭᠠᠴᠠᠭ᠎ᠠ︶᠂ ᠪᠠᠶᠢᠭᠤᠯᠭ᠎ᠠ ᠨᠢᠭᠡᠴᠡ ᠪᠤᠶᠤ ᠰᠠᠭᠤᠬᠤ ᠪᠠᠭᠤᠳᠠᠯ ᠳᠤ ᠤᠷᠢᠳᠴᠢᠯᠠᠨ ᠮᠡᠳᠡᠭᠦᠯᠦᠨ | ᠳᠠᠩᠰᠠᠯᠠᠭᠤᠯᠵᠤ᠂ ᠨᠡᠶᠢᠭᠡᠮ ᠲᠣᠭᠤᠷᠢᠭ ︵ᠲᠣᠰᠬᠤᠨ ᠭᠠᠴᠠᠭ᠎ᠠ︶ ᠤᠨ ᠲᠣᠤᠷᠵᠢᠭᠤᠯᠤᠭᠰᠠᠨ ᠬᠠᠮᠢᠶᠠᠷᠤᠯᠲᠠ ᠳᠤ ᠣᠷᠣᠭᠤᠯᠤᠨ᠂ ᠤᠯᠠᠭᠠᠨᠬᠠᠳᠠ ᠳᠤ ᠢᠷᠡᠭᠰᠡᠨ ᠤ | ᠳᠠᠷᠠᠭ᠎ᠠ ︽3 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢ ᠬᠢᠨᠠᠨ ᠬᠡᠮᠵᠢᠯᠲᠡ︾ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠷ ᠪᠦᠯᠢ ᠶᠢᠨ ᠡᠷᠡᠭᠦᠯ ᠮᠡᠨᠳᠦ ᠶᠢ | ᠬᠢᠨᠠᠨ ᠬᠡᠮᠵᠢᠯᠲᠡ ᠶᠢᠨ ᠬᠤᠭᠤᠴᠠᠭᠠᠨ ᠳᠤ ᠭᠠᠳᠠᠭᠰᠢ ᠭᠠᠷᠬᠤ ᠥᠬᠡᠶ ᠪᠠᠶᠢᠵᠤ᠂ 2 ᠳ᠋ᠤᠭᠠᠷ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢ ᠬᠡᠷ ᠲᠤᠨᠢ | ᠬᠦᠷᠴᠦ ᠴᠤᠭᠯᠠᠭᠤᠯᠤᠨ᠎ᠠ᠃ | ᠭᠤᠷᠪᠠ᠂ ᠬᠠᠶᠢᠨᠠᠨ᠂ ᠲᠥᠪᠡᠳ᠂ ᠰᠢᠨᠵᠢᠶᠠᠩ ᠠᠴᠠ ᠭᠠᠳᠠᠨ᠎ᠠ᠂ ᠪᠤᠰᠤᠳ ᠭᠠᠵᠠᠷ ᠣᠷᠣᠨ ᠠᠴᠠ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ | ᠥᠪᠡᠰᠦᠪᠡᠨ 2 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ 7 ᠡᠳᠦᠷ ᠤᠨ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ | ᠬᠡᠮᠵᠢᠯᠲᠡ ᠬᠢᠵᠦ᠂ ᠬᠤᠶᠠᠷ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠦᠷ᠎ᠡ ᠳ᠋ᠦᠩ ᠢ ᠣᠯᠵᠤ ᠮᠡᠳᠡᠬᠦ ᠠᠴᠠ ᠡᠮᠦᠨ᠎ᠡ ᠬᠥᠮᠦᠨ | ᠬᠠᠷ᠎ᠠ ᠬᠤᠷᠠᠨ ᠴᠤᠭᠯᠠᠷᠠᠭᠰᠠᠨ ᠭᠠᠵᠠᠷ ᠲᠤ ᠣᠴᠢᠵᠤ ᠪᠣᠯᠬᠤ ᠦᠭᠡᠢ᠂ ᠬᠠᠮᠲᠤ ᠬᠤᠭᠤᠯᠠᠯᠠᠵᠤ᠂ ᠴᠤᠭᠯᠠᠷᠠᠵᠤ ᠪᠣᠯᠬᠤ ᠦᠭᠡᠢ᠂ ᠤᠯᠠᠨ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠨ᠎ᠡ᠃ | ᠳᠥᠷᠪᠡ᠂ ᠣᠶᠢᠷ᠎ᠠ ᠶᠢᠨ 7 ᠡᠳᠦᠷ ᠲᠤ ᠥᠨᠳᠦᠷ ᠲᠦᠭᠰᠢᠭᠦᠷᠢᠲᠡᠢ ᠣᠷᠣᠨ ᠳᠤ ᠵᠢᠭᠤᠯᠴᠢᠯᠠᠨ ᠰᠠᠭᠤᠭᠰᠠᠨ ᠥᠩᠭᠡᠷᠡᠯᠲᠡ ᠲᠠᠢ ᠬᠥᠮᠦᠰ ᠲᠤ 7 ᠡᠳᠦᠷ ᠤᠨ | ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠲᠥᠪᠯᠡᠷᠡᠭᠦᠯᠦᠨ ᠲᠤᠰᠠᠭᠠᠷᠯᠠᠬᠤ 1᠂ 2᠂ 3᠂ 5᠂ 7 ᠳ᠋ᠤᠭᠠᠷ ᠡᠳᠦᠷ ᠲᠤ | ᠲᠤᠰᠪᠤᠷᠢ 1 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ︔ ᠣᠶᠢᠷ᠎ᠠ ᠶᠢᠨ 7 ᠡᠳᠦᠷ ᠲᠤ ᠳᠤᠮᠳᠠ ᠲᠥᠭᠰᠢᠭᠦᠷᠢᠲᠡᠢ ᠣᠷᠣᠨ ᠳᠤ ᠵᠢᠭᠤᠯᠴᠢᠯᠠᠨ | ᠰᠠᠭᠤᠭᠰᠠᠨ ᠥᠩᠭᠡᠷᠡᠯᠲᠡ ᠲᠠᠢ ᠬᠥᠮᠦᠰ ᠲᠤ 7 ᠡᠳᠦᠷ ᠤᠨ ᠬᠡᠷ ᠲᠤᠨᠢ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠡᠷ ᠲᠤᠨᠢ ᠲᠤᠰᠠᠭᠠᠷᠯᠠᠬᠤ 1 | ᠂ 4᠂ 7 ᠳ᠋ᠤᠭᠠᠷ ᠡᠳᠦᠷ ᠲᠤ ᠲᠤᠰᠪᠤᠷᠢ 1 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠡᠷ ᠲᠤᠨᠢ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ | ᠥᠬᠡᠶ ᠪᠠᠶᠢᠪᠠᠯ᠂ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ᠃ ᠳᠡᠭᠡᠷ᠎ᠡ ᠳᠤᠷᠠᠳᠤᠭᠰᠠᠨ ᠬᠥᠮᠦᠰ ᠤᠨ ᠬᠠᠮᠢᠶᠠᠷᠤᠯᠲᠠ ᠶᠢᠨ | ᠬᠤᠭᠤᠴᠠᠭ᠎ᠠ ᠶᠢ ᠲᠦᠭᠰᠢᠭᠦᠷᠢᠲᠡᠢ ᠣᠷᠣᠨ ᠠᠴᠠ ᠰᠠᠯᠤᠭᠰᠠᠨ ᠴᠠᠭ ᠠᠴᠠ ᠡᠬᠢᠯᠡᠵᠦ ᠪᠤᠳᠤᠨ᠎ᠠ᠃ | ᠲᠠᠪᠤ᠂ ᠥᠷᠭᠡᠨ ᠤᠯᠠᠨ ᠬᠤᠳᠠ ᠶᠢᠨ ᠠᠷᠠᠳ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠴᠢᠬᠤᠯᠠ ᠤᠴᠢᠷ ᠦᠭᠡᠢ ᠪᠣᠯ ᠲᠤᠬᠠᠢ ᠭᠠᠵᠠᠷ ᠤᠨ | ᠡᠪᠡᠳᠴᠢᠨ ᠤ ᠵᠢᠱᠢᠶ᠎ᠡ ᠲᠠᠢ ᠭᠠᠵᠠᠷ ᠣᠷᠣᠨ ᠳᠤ ᠣᠴᠢᠬᠤ ᠦᠭᠡᠢ ᠪᠠᠶᠢᠵᠤ᠂ ᠵᠠᠪᠠᠯ ᠣᠴᠢᠬᠤ ᠴᠢᠬᠤᠯᠠᠲᠠᠶ ᠪᠣᠯ ᠵᠣᠷᠢᠭᠰᠠᠨ ᠭᠠᠵᠠᠷ ᠤᠨ ᠬᠢᠵᠢᠭ ᠢ ᠰᠡᠷᠭᠡᠶᠢᠯᠡᠨ | ᠡᠵᠡᠮᠳᠡᠬᠦ ᠲᠥᠷᠥ ᠶᠢᠨ ᠪᠣᠳᠣᠯᠭ᠎ᠠ ᠶᠢ ᠡᠷᠬᠡᠪᠰᠢ ᠤᠷᠢᠳᠴᠢᠯᠠᠨ ᠣᠶᠢᠯᠠᠭᠠᠵᠤ᠂ ᠵᠠᠮ ᠵᠠᠭᠤᠷ᠎ᠠ ᠪᠠᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠮᠤᠷ | ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠬᠡᠷᠡᠭᠲᠡᠶ᠃ | ᠵᠢᠷᠭᠤᠭ᠎ᠠ᠂ ᠬᠢᠵᠢᠭ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠵᠢᠷᠤᠮᠯᠠᠬᠤ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠲᠠᠷᠬᠠᠯᠲᠠ ᠶᠢ ᠬᠤᠷᠢᠭᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠥᠷᠭᠡᠨ ᠣᠯᠠᠨ ᠠᠷᠠᠳ ᠢᠷᠭᠡᠳ ᠤᠨ ᠭᠦᠢᠴᠡᠳᠬᠡᠪᠡᠰᠦ ᠵᠣᠬᠢᠬᠤ ᠡᠭᠦᠷᠭᠡ ᠮᠥᠨ᠃ | ᠬᠢᠵᠢᠭ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠬᠡᠷᠡᠭᠵᠢᠭᠦᠯᠦᠭᠰᠡᠨ ᠥᠬᠡᠶ᠂ ᠬᠤᠪᠢ ᠬᠥᠮᠦᠨ ᠤ ᠠᠶᠠᠯᠠᠯ ᠢᠶᠠᠨ ᠦᠨᠡᠨ ᠢᠶᠠᠷ | ᠮᠡᠳᠡᠭᠦᠯᠦᠭᠰᠡᠨ ᠥᠬᠡᠶ ᠠᠴᠠ ᠪᠣᠯᠵᠣ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠶ | ᠦᠷ᠎ᠡ ᠳ᠋ᠦᠩ ᠢ ᠪᠣᠶ ᠪᠣᠯᠭᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ | ︾ ᠵᠡᠷᠭᠡ ᠬᠠᠤᠯᠢ ᠲᠣᠭᠲᠠᠭᠠᠯ ᠢ ᠦᠨᠳᠦᠰᠦᠯᠡᠨ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ | ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠠ᠃ | | | 2022 ᠣᠨ ᠤ 8 ᠰᠠᠷ᠎ᠠ ᠶᠢᠨ 16 | | | |