ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ ︵2022︶ 43 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2022/8/17
ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ ᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠠᠷᠯᠠᠯ      ᠮᠠᠨ ᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠤᠪᠴᠢᠲᠠᠢ ᠰᠠᠶᠢᠲᠤᠷ ᠬᠢᠵᠦ᠂ ᠬᠢᠵᠢᠭ ᠤᠨ ᠭᠠᠳᠠᠨ᠎ᠠ ᠠᠴᠠ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ︵2022︶ 36᠂ 37 ᠳ᠋ᠤᠭᠠᠷ ᠲᠣᠭᠠᠲᠤ ᠵᠠᠷᠯᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠰᠠᠭᠤᠷᠢᠨ ᠳᠡᠭᠡᠷ᠎ᠡ᠂ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ ᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠳᠣᠤᠷᠠᠬᠢ ᠮᠡᠲᠦ ᠵᠠᠷᠯᠠᠶ᠎ᠠ᠄      ᠨᠢᠭᠡ᠂ ᠲᠤᠰ ᠡᠳᠦᠷ ᠠᠴᠠ ᠡᠬᠢᠯᠡᠨ᠂ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ 3 ᠡᠳᠦᠷ ᠲᠤ 2 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ ︵ᠳᠠᠷᠤᠶ ᠬᠦᠷᠴᠦ ᠢᠷᠡᠭᠰᠡᠨ ᠤ ᠳᠠᠷᠠᠭ᠎ᠠ ᠨᠢᠭᠡᠳᠦᠭᠡᠷ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠤᠶᠠᠳᠤᠭᠠᠷ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢ ᠤᠯᠠᠭᠠᠨᠬᠠᠳᠠ ᠳᠤ ᠬᠦᠷᠴᠦ ᠢᠷᠡᠭᠰᠡᠨ ᠤ ᠳᠠᠷᠠᠭᠠᠬᠢ 24 — 72 ᠴᠠᠭ ᠤᠨ ᠳᠣᠲᠣᠷ᠎ᠠ ᠬᠢᠵᠦ ᠳᠠᠭᠤᠰᠬᠠᠨ᠎ᠠ︶᠃          ᠬᠤᠶᠠᠷ᠂ ᠤᠢᠢᠷ᠎ᠠ ᠶᠢᠨ 7 ᠡᠳᠦᠷ ᠲᠤ ᠬᠠᠶᠢᠨᠠᠨ᠂ ᠲᠥᠪᠡᠳ᠂ ᠰᠢᠨᠵᠢᠶᠠᠩ ᠵᠡᠷᠭᠡ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠥᠩᠭᠡᠷᠡᠯᠲᠡ ᠲᠠᠢ ᠵᠢᠴᠢ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠡᠬᠢᠯᠡᠭᠰᠡᠨ ᠪᠤᠶᠤ ᠥᠩᠭᠡᠷᠡᠬᠦ ᠵᠠᠮ ᠬᠠᠷᠢᠯᠴᠠᠭᠠᠨ ᠤ ᠪᠠᠭᠠᠵᠢ ᠳᠤ ᠰᠠᠭᠤᠭᠰᠠᠨ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ᠂ ᠰᠠᠭᠤᠭ᠎ᠠ ᠨᠡᠶᠢᠭᠡᠮ ᠲᠣᠭᠤᠷᠢᠭ ︵ᠲᠣᠰᠬᠤᠨ ᠭᠠᠴᠠᠭ᠎ᠠ︶᠂ ᠪᠠᠶᠢᠭᠤᠯᠭ᠎ᠠ ᠨᠢᠭᠡᠴᠡ ᠪᠤᠶᠤ ᠰᠠᠭᠤᠬᠤ ᠪᠠᠭᠤᠳᠠᠯ ᠳᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠨᠡᠶᠢᠭᠡᠮ ᠲᠣᠭᠤᠷᠢᠭ ︵ᠲᠣᠰᠬᠤᠨ ᠭᠠᠴᠠᠭ᠎ᠠ︶ ᠤᠨ ᠲᠣᠤᠷᠵᠢᠭᠤᠯᠤᠭᠰᠠᠨ ᠬᠠᠮᠢᠶᠠᠷᠤᠯᠲᠠ ᠳᠤ ᠣᠷᠣᠭᠤᠯᠤᠨ᠂ ᠤᠯᠠᠭᠠᠨᠬᠠᠳᠠ ᠳᠤ ᠢᠷᠡᠭᠰᠡᠨ ᠤ ᠳᠠᠷᠠᠭ᠎ᠠ ︽3 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢ ᠬᠢᠨᠠᠨ ᠬᠡᠮᠵᠢᠯᠲᠡ︾ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠷ ᠪᠦᠯᠢ ᠶᠢᠨ ᠡᠷᠡᠭᠦᠯ ᠮᠡᠨᠳᠦ ᠶᠢ ᠬᠢᠨᠠᠨ ᠬᠡᠮᠵᠢᠯᠲᠡ ᠶᠢᠨ ᠬᠤᠭᠤᠴᠠᠭᠠᠨ ᠳᠤ ᠭᠠᠳᠠᠭᠰᠢ ᠭᠠᠷᠬᠤ ᠥᠬᠡᠶ ᠪᠠᠶᠢᠵᠤ᠂ 2 ᠳ᠋ᠤᠭᠠᠷ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢ ᠬᠡᠷ ᠲᠤᠨᠢ ᠬᠦᠷᠴᠦ ᠴᠤᠭᠯᠠᠭᠤᠯᠤᠨ᠎ᠠ᠃      ᠭᠤᠷᠪᠠ᠂ ᠬᠠᠶᠢᠨᠠᠨ᠂ ᠲᠥᠪᠡᠳ᠂ ᠰᠢᠨᠵᠢᠶᠠᠩ ᠠᠴᠠ ᠭᠠᠳᠠᠨ᠎ᠠ᠂ ᠪᠤᠰᠤᠳ ᠭᠠᠵᠠᠷ ᠣᠷᠣᠨ ᠠᠴᠠ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠬᠥᠮᠦᠰ ᠥᠪᠡᠰᠦᠪᠡᠨ 2 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ 7 ᠡᠳᠦᠷ ᠤᠨ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ ᠬᠤᠶᠠᠷ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠦᠷ᠎ᠡ ᠳ᠋ᠦᠩ ᠢ ᠣᠯᠵᠤ ᠮᠡᠳᠡᠬᠦ ᠠᠴᠠ ᠡᠮᠦᠨ᠎ᠡ ᠬᠥᠮᠦᠨ ᠬᠠᠷ᠎ᠠ ᠬᠤᠷᠠᠨ ᠴᠤᠭᠯᠠᠷᠠᠭᠰᠠᠨ ᠭᠠᠵᠠᠷ ᠲᠤ ᠣᠴᠢᠵᠤ ᠪᠣᠯᠬᠤ ᠦᠭᠡᠢ᠂ ᠬᠠᠮᠲᠤ ᠬᠤᠭᠤᠯᠠᠯᠠᠵᠤ᠂ ᠴᠤᠭᠯᠠᠷᠠᠵᠤ ᠪᠣᠯᠬᠤ ᠦᠭᠡᠢ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠨ᠎ᠡ᠃      ᠳᠥᠷᠪᠡ᠂ ᠣᠶᠢᠷ᠎ᠠ ᠶᠢᠨ 7 ᠡᠳᠦᠷ ᠲᠤ ᠥᠨᠳᠦᠷ ᠲᠦᠭᠰᠢᠭᠦᠷᠢᠲᠡᠢ ᠣᠷᠣᠨ ᠳᠤ ᠵᠢᠭᠤᠯᠴᠢᠯᠠᠨ ᠰᠠᠭᠤᠭᠰᠠᠨ ᠥᠩᠭᠡᠷᠡᠯᠲᠡ ᠲᠠᠢ ᠬᠥᠮᠦᠰ ᠲᠤ 7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠲᠥᠪᠯᠡᠷᠡᠭᠦᠯᠦᠨ ᠲᠤᠰᠠᠭᠠᠷᠯᠠᠬᠤ 1᠂ 2᠂ 3᠂ 5᠂ 7 ᠳ᠋ᠤᠭᠠᠷ ᠡᠳᠦᠷ ᠲᠤ ᠲᠤᠰᠪᠤᠷᠢ 1 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ︔ ᠣᠶᠢᠷ᠎ᠠ ᠶᠢᠨ 7 ᠡᠳᠦᠷ ᠲᠤ ᠳᠤᠮᠳᠠ ᠲᠥᠭᠰᠢᠭᠦᠷᠢᠲᠡᠢ ᠣᠷᠣᠨ ᠳᠤ ᠵᠢᠭᠤᠯᠴᠢᠯᠠᠨ ᠰᠠᠭᠤᠭᠰᠠᠨ ᠥᠩᠭᠡᠷᠡᠯᠲᠡ ᠲᠠᠢ ᠬᠥᠮᠦᠰ ᠲᠤ 7 ᠡᠳᠦᠷ ᠤᠨ ᠬᠡᠷ ᠲᠤᠨᠢ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠡᠷ ᠲᠤᠨᠢ ᠲᠤᠰᠠᠭᠠᠷᠯᠠᠬᠤ 1 ᠂ 4᠂ 7 ᠳ᠋ᠤᠭᠠᠷ ᠡᠳᠦᠷ ᠲᠤ ᠲᠤᠰᠪᠤᠷᠢ 1 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠡᠷ ᠲᠤᠨᠢ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠥᠬᠡᠶ ᠪᠠᠶᠢᠪᠠᠯ᠂ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ᠃ ᠳᠡᠭᠡᠷ᠎ᠡ ᠳᠤᠷᠠᠳᠤᠭᠰᠠᠨ ᠬᠥᠮᠦᠰ ᠤᠨ ᠬᠠᠮᠢᠶᠠᠷᠤᠯᠲᠠ ᠶᠢᠨ ᠬᠤᠭᠤᠴᠠᠭ᠎ᠠ ᠶᠢ ᠲᠦᠭᠰᠢᠭᠦᠷᠢᠲᠡᠢ ᠣᠷᠣᠨ ᠠᠴᠠ ᠰᠠᠯᠤᠭᠰᠠᠨ ᠴᠠᠭ ᠠᠴᠠ ᠡᠬᠢᠯᠡᠵᠦ ᠪᠤᠳᠤᠨ᠎ᠠ᠃      ᠲᠠᠪᠤ᠂ ᠥᠷᠭᠡᠨ ᠤᠯᠠᠨ ᠬᠤᠳᠠ ᠶᠢᠨ ᠠᠷᠠᠳ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠴᠢᠬᠤᠯᠠ ᠤᠴᠢᠷ ᠦᠭᠡᠢ ᠪᠣᠯ ᠲᠤᠬᠠᠢ ᠭᠠᠵᠠᠷ ᠤᠨ ᠡᠪᠡᠳᠴᠢᠨ ᠤ ᠵᠢᠱᠢᠶ᠎ᠡ ᠲᠠᠢ ᠭᠠᠵᠠᠷ ᠣᠷᠣᠨ ᠳᠤ ᠣᠴᠢᠬᠤ ᠦᠭᠡᠢ ᠪᠠᠶᠢᠵᠤ᠂ ᠵᠠᠪᠠᠯ ᠣᠴᠢᠬᠤ ᠴᠢᠬᠤᠯᠠᠲᠠᠶ ᠪᠣᠯ ᠵᠣᠷᠢᠭᠰᠠᠨ ᠭᠠᠵᠠᠷ ᠤᠨ ᠬᠢᠵᠢᠭ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠡᠷᠬᠡᠪᠰᠢ ᠤᠷᠢᠳᠴᠢᠯᠠᠨ ᠣᠶᠢᠯᠠᠭᠠᠵᠤ᠂ ᠵᠠᠮ ᠵᠠᠭᠤᠷ᠎ᠠ ᠪᠠᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠬᠡᠷᠡᠭᠲᠡᠶ᠃      ᠵᠢᠷᠭᠤᠭ᠎ᠠ᠂ ᠬᠢᠵᠢᠭ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠵᠢᠷᠤᠮᠯᠠᠬᠤ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠲᠠᠷᠬᠠᠯᠲᠠ ᠶᠢ ᠬᠤᠷᠢᠭᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠥᠷᠭᠡᠨ ᠣᠯᠠᠨ ᠠᠷᠠᠳ ᠢᠷᠭᠡᠳ ᠤᠨ ᠭᠦᠢᠴᠡᠳᠬᠡᠪᠡᠰᠦ ᠵᠣᠬᠢᠬᠤ ᠡᠭᠦᠷᠭᠡ ᠮᠥᠨ᠃ ᠬᠢᠵᠢᠭ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠬᠡᠷᠡᠭᠵᠢᠭᠦᠯᠦᠭᠰᠡᠨ ᠥᠬᠡᠶ᠂ ᠬᠤᠪᠢ ᠬᠥᠮᠦᠨ ᠤ ᠠᠶᠠᠯᠠᠯ ᠢᠶᠠᠨ ᠦᠨᠡᠨ ᠢᠶᠠᠷ ᠮᠡᠳᠡᠭᠦᠯᠦᠭᠰᠡᠨ ᠥᠬᠡᠶ ᠠᠴᠠ ᠪᠣᠯᠵᠣ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠢ ᠪᠣᠶ ᠪᠣᠯᠭᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ︾ ᠵᠡᠷᠭᠡ ᠬᠠᠤᠯᠢ ᠲᠣᠭᠲᠠᠭᠠᠯ ᠢ ᠦᠨᠳᠦᠰᠦᠯᠡᠨ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠠ᠃                                                       2022 ᠣᠨ ᠤ 8 ᠰᠠᠷ᠎ᠠ ᠶᠢᠨ 16
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ