| 8 ᠰᠠᠷ᠎ᠠ ᠶᠢᠨ 31 ᠤ ᠡᠳᠦᠷ᠂ ᠮᠠᠨ ᠤ ᠬᠤᠲᠠ 2022 ᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠰᠣᠨᠢᠨ ᠮᠡᠳᠡᠭᠡ | ᠨᠡᠶᠢᠲᠡᠯᠡᠬᠦ ᠬᠤᠷᠠᠯ ᠬᠢᠵᠦ᠂ 10 ᠰᠠᠷ᠎ᠠ ᠶᠢᠨ 1 ᠤ ᠡᠳᠦᠷ ᠠᠴᠠ ᠡᠬᠢᠯᠡᠨ ᠵᠡᠷᠭᠡᠪᠡᠷ ᠬᠡᠷᠡᠭᠵᠢᠭᠦᠯᠬᠦ ᠪᠠᠷ ᠪᠠᠶᠢᠭ᠎ᠠ ︽ᠤᠯᠠᠭᠠᠨᠬᠠᠳᠠ ᠬᠤᠲᠠ ᠶᠢᠨ ᠬᠤᠲᠠ | ᠬᠥᠳᠡᠭᠡ ᠶᠢᠨ ᠰᠠᠭᠤᠭᠠᠯᠢ ᠠᠷᠠᠳ ᠪᠠ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠳᠡᠭᠡᠭᠰᠢᠯᠡᠭᠦᠯᠬᠦ ᠲᠤᠬᠠᠶ ᠰᠠᠨᠠᠯ︾ | ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠨᠠᠷᠢᠨ ᠲᠦᠷᠢᠮ︾ ᠪᠠ 9 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠡᠬᠢᠯᠡᠭᠦᠯᠬᠦ 2023 ᠣᠨ ᠤ ᠪᠥᠬᠦ | ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠭᠡᠯ | ᠲᠤᠰᠢᠶᠠᠬᠤ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠪᠠ᠃ | ᠮᠠᠨ ᠤ ᠬᠤᠲᠠ 2020 ᠣᠨ ᠳᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠤᠲᠠ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ | ᠪᠡᠶᠡᠯᠡᠭᠦᠯᠦᠭᠰᠡᠨ ᠤ ᠳᠠᠷᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠦᠷᠢᠮ ᠪᠠ ᠴᠡᠭ ᠲᠣᠭᠲᠠᠭᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠶᠢᠨ ᠵᠥᠪᠳᠡᠯᠴᠡᠨ ᠬᠠᠮᠢᠶᠠᠷᠬᠤ ᠲᠣᠭᠲᠠᠴᠠ ᠶᠢ ᠪᠦᠷᠢᠨᠰᠢᠬᠦᠯᠵᠦ᠂ ᠴᠡᠭ ᠲᠣᠭᠲᠠᠭᠠᠨ ᠵᠥᠪᠰᠢᠶᠡᠷᠡᠨ ᠣᠷᠣᠭᠤᠯᠬᠤ᠂ ᠵᠥᠪᠳᠡᠯᠴᠡᠨ | ᠦᠢᠯᠡᠴᠢᠯᠡᠬᠦ ᠪᠠ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠪᠯᠡᠷᠡᠩᠭᠦᠶ ᠨᠢᠭᠡᠳᠦᠯᠲᠡᠶ ᠬᠠᠮᠢᠶᠠᠷᠤᠯᠲᠠ ᠶᠢ ᠪᠡᠶᠡᠯᠡᠭᠦᠯᠵᠦ᠂ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠨᠢ ᠵᠠᠷᠤᠯᠭ᠎ᠠ ᠳᠠᠭᠠᠨ ᠬᠥᠷᠬᠦ ᠥᠬᠡᠶ ᠪᠠᠶᠢᠭᠰᠠᠨ ᠠᠴᠠ ᠪᠠᠨ ᠳᠤᠮᠳᠠ ᠣᠷᠳᠣ ᠬᠤᠭᠤᠴᠠᠭᠠᠨ ᠤ ᠲᠡᠩᠴᠡᠭᠦᠷᠢᠲᠡᠶ | ᠪᠣᠯᠬᠤ ᠶᠢ ᠪᠡᠶᠡᠯᠡᠭᠦᠯᠪᠡ᠃ ᠰᠠᠭᠤᠷᠢ ᠮᠥᠩᠭᠦᠨ ᠤ ᠲᠣᠭᠲᠠᠭᠤᠨ ᠢᠶᠠᠷ ᠠᠵᠢᠯᠯᠠᠵᠤ ᠪᠠᠶᠢᠭ᠎ᠠ ᠪᠠᠶᠢᠳᠠᠯ ᠳᠣᠣᠷ᠎ᠠ᠂ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ | ᠦᠵᠡᠭᠦᠯᠬᠦ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠂ ᠨᠡᠩ ᠣᠯᠠᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠳᠠᠭᠠᠳᠬᠠᠯ ᠳᠤ | ᠣᠷᠣᠯᠴᠠᠭᠰᠠᠳ ᠲᠤ ᠬᠡᠷᠡᠭᠯᠡᠭᠦᠯᠦᠨ ᠥᠭᠡᠷᠡᠴᠢᠯᠡᠯᠲᠡ ᠶᠢᠨ ᠠᠰᠢᠭ ᠢ ᠬᠠᠮᠲᠤᠪᠡᠷ ᠡᠳ᠋ᠯᠡᠭᠦᠯᠬᠦ ᠶᠢᠨ ᠲᠥᠯᠦᠭᠡ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ᠂ ᠪᠠᠭ᠎ᠠ ᠦᠯᠡᠳᠡᠪᠦᠷᠢ ᠲᠠᠢ ᠪᠠᠶᠢᠯᠭᠠᠬᠤ | ︾ ᠵᠠᠷᠴᠢᠮ ᠶᠣᠰᠣᠭᠠᠷ᠂ ᠭᠦᠢᠴᠡᠳ ᠰᠤᠳᠤᠯᠤᠨ ᠵᠢᠱᠢᠵᠦ ᠪᠤᠳᠤᠭᠰᠠᠨ ᠢᠶᠠᠷ᠂ ᠮᠠᠨ ᠤ ᠬᠤᠲᠠ ︽ᠤᠯᠠᠭᠠᠨᠬᠠᠳᠠ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ | ᠠᠷᠠᠳ ᠪᠠ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠳᠡᠭᠡᠭᠰᠢᠯᠡᠭᠦᠯᠬᠦ ᠲᠤᠬᠠᠶ ᠰᠠᠨᠠᠯ︾ ᠢ ᠨᠡᠶᠢᠲᠡᠯᠡᠵᠦ᠂ 2022 | ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠪᠠ ᠠᠵᠢᠯᠲᠠᠨ ᠠᠵᠢᠯᠴᠢᠨ ᠤ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ | ᠲᠦᠮᠡᠨ ᠤ ᠡᠪᠡᠳᠴᠢᠨ ᠡᠮᠭᠡᠭ ᠤᠨ ᠡᠮᠴᠢᠯᠡᠭᠡᠨ ᠤ ᠬᠤᠶᠢᠰᠢᠳᠠ ᠶᠢᠨ ᠵᠣᠪᠠᠨᠢᠯ ᠢ ᠴᠢᠷᠮᠠᠶᠢᠨ ᠰᠢᠢᠳᠪᠦᠷᠢᠯᠡᠨ᠎ᠡ᠃ | ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠠᠷᠠᠳ ᠣᠯᠠᠨ ᠤ ᠡᠷᠡᠭᠦᠯ ᠮᠡᠨᠳᠦ ᠠᠵᠠ ᠵᠢᠷᠭᠠᠯ ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ᠂ | ᠡᠮ ᠡᠮᠨᠡᠯᠭᠡ ᠶᠢᠨ ᠪᠠᠲᠤᠯᠠᠭ᠎ᠠ ᠶᠢᠨ ᠬᠦᠷᠢᠶᠡᠨ ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠴᠢᠨᠠᠷ ᠬᠦᠷᠦᠯᠴᠡᠬᠦ ᠥᠬᠡᠶ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ | ᠴᠢᠳᠠᠮᠵᠢ ᠬᠦᠷᠦᠯᠴᠡᠬᠦ ᠥᠬᠡᠶ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ | ᠱᠠᠭᠠᠷᠳᠠᠯᠭ᠎ᠠ ᠶᠣᠰᠣᠭᠠᠷ᠂ ᠮᠠᠨ ᠤ ᠬᠤᠲᠠ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ | ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠨᠠᠷᠢᠨ ᠲᠦᠷᠢᠮ︾ ᠢ ᠨᠡᠶᠢᠲᠡᠯᠡᠵᠦ᠂ 2022 ᠣᠨ ᠤ 10 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠣᠯ ᠨᠢᠭᠡ ᠵᠦᠢᠯ ᠤᠨ ᠡᠷᠬᠡ ᠲᠡᠭᠰᠢ ᠲᠦᠭᠡᠮᠡᠯ ᠬᠠᠷᠠᠭᠠᠯᠵᠠᠯ ᠤᠨ ᠰᠢᠨᠵᠢ ᠴᠢᠨᠠᠷ ᠲᠠᠢ ᠪᠠᠲᠤᠯᠠᠭ᠎ᠠ ᠶᠢᠨ ᠰᠢᠰᠲ᠋ᠧᠮ | ᠮᠥᠨ᠂ ᠨᠡᠩ ᠤᠯᠠᠨ ᠬᠦᠮᠦᠰ ᠢ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠪᠠᠲᠤᠯᠠᠭ᠎ᠠ ᠶᠢᠨ ᠬᠠᠮᠤᠷᠬᠤ ᠬᠡᠪᠴᠢᠶᠡᠨ ᠳᠤ ᠣᠷᠣᠭᠤᠯᠵᠤ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠬᠤᠳᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ | ᠭᠤᠷᠪᠠᠨ ᠳᠠᠪᠬᠤᠷ ᠪᠠᠲᠤᠯᠠᠭ᠎ᠠ ᠶᠢᠨ ᠲᠦᠷᠢᠮ ᠤᠨ ᠴᠢᠳᠠᠮᠵᠢ ᠶᠢ ᠭᠦᠢᠴᠡᠳ ᠪᠠᠳᠠᠷᠠᠭᠤᠯᠬᠤ ᠨᠢ ᠤᠯᠠᠨ ᠲᠦᠮᠡᠨ ᠤ ᠡᠪᠡᠳᠴᠢᠨ ᠠᠴᠠ ᠪᠤᠯᠵᠤ ᠶᠠᠳᠠᠭᠤᠷᠠᠬᠤ ᠪᠠ | ᠲᠠᠬᠢᠨ ᠶᠠᠳᠠᠭᠤᠷᠠᠬᠤ ᠶᠢ ᠪᠦᠲᠦᠮᠵᠢᠲᠡᠢ ᠰᠡᠷᠭᠡᠶᠢᠯᠡᠵᠦ ᠴᠢᠳᠠᠨ᠎ᠠ᠃ 2022 ᠣᠨ ᠳᠤ᠂ ᠪᠥᠬᠦ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠭᠰᠠᠨ ᠬᠥᠮᠦᠨ 392.58 ᠲᠦᠮᠡ ᠳᠤ ᠬᠦᠷᠴᠦ᠂ ᠡᠭᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ | ᠣᠷᠣᠯᠴᠠᠭᠰᠠᠨ ᠬᠥᠮᠦᠨ ᠠᠮᠠ 324.54 ᠲᠦᠮᠡ ᠳᠤ ᠬᠦᠷᠴᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 97.68% | ᠬᠦᠷᠴᠦ᠂ ᠭᠤᠤᠯᠳᠠᠯᠭ᠎ᠠ ᠲᠠᠢ ᠬᠥᠮᠦᠰ 100% ᠪᠠᠷ ᠳᠠᠭᠠᠳᠬᠠᠯ ᠳᠤ ᠣᠷᠣᠯᠴᠠᠬᠤ ᠶᠢ ᠪᠡᠶᠡᠯᠡᠭᠦᠯᠪᠡ᠃ | 2023 ᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ 9 ᠰᠠᠷ᠎ᠠ ᠶᠢᠨ | 1 ᠤ ᠡᠳᠦᠷ ᠠᠴᠠ ᠵᠢᠩᠬᠢᠨᠢ ᠪᠠᠷ ᠡᠬᠢᠯᠡᠵᠦ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠬᠢᠭᠡᠳ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽2023 ᠣᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠶᠣᠰᠣᠭᠠᠷ ᠬᠡᠷᠡᠭᠵᠢᠭᠦᠯᠵᠦ᠂ | ᠥᠷᠭᠡᠨ ᠣᠯᠠᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠵᠤ᠂ ᠡᠮ ᠡᠮᠨᠡᠯᠭᠡ ᠶᠢᠨ ᠳᠠᠭᠠᠳᠬᠠᠯ ᠤᠨ | ᠬᠠᠷᠠᠭᠠᠯᠵᠠᠯ ᠢ ᠬᠠᠤᠯᠢ ᠶᠣᠰᠣᠭᠠᠷ ᠭᠥᠷᠳᠡᠬᠦ ᠶᠢ ᠦᠨᠡᠨᠬᠦ ᠪᠠᠲᠤᠯᠠᠨ᠎ᠠ᠃ ᠮᠠᠨ ᠤ ᠬᠤᠲᠠ ᠶᠢᠨ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠦᠨ ᠪᠦᠷᠢ 380 ᠲᠥᠭᠦᠷᠢᠭ ︵ᠨᠢᠳᠤᠨᠤᠨ ᠤ ᠬᠢ ᠠᠴᠠ 5 | ᠲᠥᠭᠦᠷᠢᠭ ᠳᠡᠭᠡᠭᠰᠢᠯᠡᠪᠡ︶ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ ᠬᠠᠮᠤᠭ ᠤᠨ ᠳᠣᠤᠷ᠎ᠠ ᠪᠠᠷᠢᠮᠵᠢᠶ᠎ᠠ ᠪᠣᠯᠤᠨ᠎ᠠ᠃ ᠲᠥᠪᠯᠡᠷᠡᠭᠦᠯᠦᠨ ᠰᠦᠢᠳᠬᠡᠯ | ᠲᠤᠰᠢᠶᠠᠬᠤ ᠴᠠᠭ ᠨᠢ 2022 ᠣᠨ ᠤ 9 ᠰᠠᠷ᠎ᠠ ᠶᠢᠨ 1 ᠤ ᠡᠳᠦᠷ ᠠᠴᠠ 2022 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠪᠣᠯᠤᠨ᠎ᠠ᠂ ᠰᠦᠢᠳᠬᠡᠯ | ᠲᠤᠰᠢᠶᠠᠬᠤ ᠠᠷᠭ᠎ᠠ ᠮᠠᠶ᠋ᠢᠭ ᠲᠤ ᠰᠦᠯᠵᠢᠶᠡᠨ ᠭᠠᠳᠠᠨ᠎ᠠ ᠰᠦᠢᠳᠬᠡᠯ ᠲᠤᠰᠢᠶᠠᠬᠤ᠂ ᠭᠠᠷ ᠤᠲᠠᠰᠤ ᠪᠠᠷ ᠰᠦᠢᠳᠬᠡᠯ ᠲᠤᠰᠢᠶᠠᠬᠤ᠂ ᠣᠷᠣᠯᠠᠨ ᠬᠤᠷᠢᠶᠠᠵᠤ ᠣᠷᠣᠯᠠᠨ | ᠲᠤᠰᠢᠶᠠᠬᠤ᠂ ᠪᠡᠯᠡᠨ ᠵᠣᠭᠤᠰ ᠢᠶᠠᠷ ᠰᠦᠢᠳᠬᠡᠯ ᠲᠤᠰᠢᠶᠠᠬᠤ ᠵᠡᠷᠭᠡ ᠳᠥᠷᠪᠡᠨ ᠵᠦᠢᠯ ᠪᠠᠭᠲᠠᠨ᠎ᠠ᠃ | | |