ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠤᠯᠠᠭᠠᠨᠬᠠᠳᠠ ᠬᠤᠲᠠ ᠶᠢᠨ ᠮᠠᠯᠴᠢᠨ ᠲᠠᠷᠢᠶᠠᠴᠢᠨ ᠤ ᠣᠷᠣᠯᠭ᠎ᠠ ᠲᠦᠷᠭᠡᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2022/9/14
     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠤᠯᠠᠭᠠᠨᠬᠠᠳᠠ ᠬᠤᠳᠠ ᠤᠯᠤᠰ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠣᠷᠣᠯᠭ᠎ᠠ ᠶᠢᠨ ᠪᠦᠲᠦᠴᠡ ᠲᠠᠰᠤᠷᠠᠯᠲᠠ ᠦᠭᠡᠢ ᠰᠠᠶᠢᠵᠢᠷᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠦᠷᠢᠶ᠎ᠡ ᠠᠯᠬᠤᠮ ᠠᠯᠬᠤᠮ ᠢᠶᠠᠷ ᠪᠠᠭᠠᠰᠴᠤ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠬᠡᠷᠡᠭᠯᠡᠭᠡ ᠪᠦᠬᠦ ᠲᠠᠯ᠎ᠠ ᠪᠠᠷ ᠲᠡᠰ ᠳᠡᠪᠰᠢᠪᠡ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠠᠭᠠᠨᠬᠠᠳᠠ ᠶᠢᠨ ᠪᠠᠶᠢᠴᠠᠭᠠᠯᠲᠠ ᠶᠢᠨ ᠠᠩᠭᠢ ᠶᠢᠨ ᠥᠯᠢᠭᠡᠷ ᠠᠪᠴᠤ ᠪᠠᠶᠢᠴᠠᠭᠠᠭᠰᠠᠨ ᠢ ᠦᠨᠳᠦᠰᠦᠯᠡᠪᠡᠯ᠂ 2021 ᠣᠨ ᠳᠤ ᠤᠯᠠᠭᠠᠨᠬᠠᠳᠠ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15279 ᠲᠥᠭᠦᠷᠢᠭ ᠲᠤ ᠬᠦᠷᠴᠦ᠂ 2012 ᠣᠨ ᠤ ᠬᠢ ᠠᠴᠠ 8851 ᠲᠥᠭᠦᠷᠢᠭ ᠨᠡᠮᠡᠭᠳᠡᠨ᠂ 137.7% ᠨᠡᠮᠡᠭᠳᠡᠵᠦ᠂ ᠵᠢᠯ ᠳᠤᠮᠳᠠᠴᠢ ᠪᠠᠷ 10.1% ᠨᠡᠮᠡᠭᠳᠡᠵᠡᠶ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ