ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠤᠯᠠᠭᠠᠨᠬᠠᠳᠠ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠢᠯᠡᠳᠲᠡ ᠪᠠᠭᠠᠰᠪᠠ
ᠨᠡᠶᠢᠲᠡᠯᠡᠭᠰᠡᠨ ᠴᠠᠭ᠄
2022/9/23
     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠤᠯᠠᠭᠠᠨᠬᠠᠳᠠ ᠬᠤᠳᠠ ᠶᠢᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠣᠨᠴᠠᠭᠠᠶᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠭᠰᠠᠨ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠬᠢᠭᠤᠯᠤᠯ ᠳᠣᠣᠷ᠎ᠠ᠂ ᠤᠯᠤᠰ ᠠᠴᠠ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠨᠡᠩ ᠶᠡᠭᠡ ᠪᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠦᠷᠢᠶ᠎ᠡ ᠠᠯᠬᠤᠮ ᠠᠯᠬᠤᠮ ᠢᠶᠠᠷ ᠪᠠᠭᠠᠰᠴᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠪᠦᠲᠦᠴᠡ ᠦᠷᠭᠦᠯᠵᠢᠯᠡᠨ ᠰᠠᠶᠢᠵᠢᠷᠠᠪᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠠᠭᠠᠨᠬᠠᠳᠠ ᠶᠢᠨ ᠪᠠᠶᠢᠴᠠᠭᠠᠯᠲᠠ ᠶᠢᠨ ᠠᠩᠭᠢ ᠶᠢᠨ ᠥᠯᠢᠭᠡᠷ ᠠᠪᠴᠤ ᠪᠠᠶᠢᠴᠠᠭᠠᠭᠰᠠᠨ ᠢᠶᠠᠷ᠂ 2021 ᠣᠨ ᠳᠤ ᠤᠯᠠᠭᠠᠨᠬᠠᠳᠠ ᠬᠤᠲᠠ ᠶᠢᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 37468 ᠲᠥᠭᠦᠷᠢᠭ ᠲᠤ ᠬᠦᠷᠴᠦ᠂ 2012 ᠣᠨ ᠤ ᠬᠢ ᠠᠴᠠ 97.3%᠎ ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15279 ᠲᠥᠭᠦᠷᠢᠭ ᠲᠤ ᠬᠦᠷᠴᠦ᠂ 2012 ᠣᠨ ᠤ ᠬᠢ ᠠᠴᠠ 137.7% ᠨᠡᠮᠡᠭᠳᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ 40.4 ᠵᠠᠭᠤᠨ ᠤ ᠴᠡᠭ ᠲᠦᠷᠭᠡᠨ ᠪᠣᠯᠵᠠᠶ᠃ 2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠳᠠᠬᠢᠨ ᠲᠤᠭ᠎ᠠ ᠶᠢᠨ ᠬᠠᠷᠢᠴᠠᠯ 2.45 ᠪᠣᠯᠵᠣ᠂ 2012 ᠣᠨ ᠤ 2.95᠎ ᠲᠠᠢ ᠬᠠᠷᠢᠴᠠᠭᠤᠯᠪᠠᠯ 0.5᠎ ᠪᠠᠷ ᠪᠠᠭᠠᠰᠴᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠢᠯᠡᠳᠲᠡ ᠪᠠᠭᠠᠰᠤᠭᠰᠠᠨ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ