ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/9/23
     ᠬᠤᠳᠠ ᠶᠢᠨ ᠨᠠᠮ ᠤᠨ ᠬᠤᠷᠢᠶ᠎ᠠ ᠠᠴᠠ ᠳᠣᠣᠷᠠᠬᠢ ᠺᠠᠳ᠋ᠷ  ᠤᠳ ᠢ ᠢᠯᠡ ᠨᠡᠶᠢᠲᠡᠯᠡᠬᠦ ᠪᠠᠷ ᠰᠣᠳᠤᠯᠤᠨ ᠲᠣᠭᠲᠠᠪᠠ᠃        ᠨᠢᠭᠡ᠂ ᠢᠯᠡ ᠨᠡᠶᠢᠲᠡᠯᠡᠬᠦ ᠨᠡᠷᠡᠰ       ᠶᠣᠣ ᠶᠢᠨ ᠫᠧᠩ ᠂ ᠡᠷᠡᠭᠲᠡᠢ᠂ ᠬᠢᠲᠠᠳ ᠦᠨᠳᠦᠰᠦᠲᠡᠨ᠂ 1984 ᠣᠨ ᠤ 9 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ  ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠣᠶ  ᠃      ᠳ᠋ᠢᠶᠣᠣ ᡁᠢ ᠭᠠᠩ᠂ ᠡᠷᠡᠭᠲᠡᠢ᠂ ᠮᠣᠩᠭᠤᠯ ᠦᠨᠳᠦᠰᠦᠲᠡᠨ᠂ 1971 ᠣᠨ ᠤ 10 ᠰᠠᠷ᠎ᠠ ᠳᠤ ᠳᠦᠷᠦᠵᠡᠶ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠣᠶ᠃     ᠸᠠᠩ ᠪᠢᠩ᠂ ᠡᠷᠡᠭᠲᠡᠢ᠂ ᠮᠣᠩᠭᠤᠯ ᠦᠨᠳᠦᠰᠦᠲᠡᠨ᠂ 1974 ᠣᠨ ᠤ 3 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃     ᠷᠧᠨ ᠬᠠᠢ ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 10 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠯᠢᠨᠰᠢ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠰᠢᠶᠠᠨ ᠤ ᠳᠠᠷᠤᠭ᠎ᠠ ︵ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠨ᠎ᠠ︶᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ  ᠃     ᠪᠠᠢ ᠯᠢᠩ᠂ ᠡᠮᠡᠭᠲᠡᠢ᠂ ᠬᠤᠲᠣᠩ ᠦᠨᠳᠦᠰᠦᠲᠡᠨ᠂ 1979 ᠣᠨ ᠤ 4 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ︵ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠨ᠎ᠠ︶ ᠶᠢᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃     ᠼᠦᠢ ᠸᠧᠢ ᠫᠢᠩ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 6 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ  ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠶᠢᠨ ᠲᠤᠰᠢᠶᠠᠯ ᠲᠠᠢ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠬᠠᠷᠢᠶᠠᠯᠠᠭᠳᠠᠬᠤ ᠵᠢᠩᠬᠢᠨᠢ ᠭᠠᠵᠠᠷ ᠤᠨ ᠲᠡᠰ ᠤᠨ ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠲᠤᠰᠢᠶᠠᠯ ᠳᠤ ᠨᠡᠷ᠎ᠡ ᠳᠤᠷᠠᠳᠬᠤ ᠪᠠᠷ ᠪᠤᠢ᠃     ᠰᠧ ᠶᠢᠨ ᠹᠠᠩ᠂ ᠡᠷᠡᠭᠲᠡᠢ᠂ ᠮᠣᠩᠭᠤᠯ ᠦᠨᠳᠦᠰᠦᠲᠡᠨ᠂ 1966 ᠣᠨ ᠤ 12 ᠰᠠᠷ᠎ᠠ ᠳᠤ ᠳᠦᠷᠦᠵᠡᠶ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠬᠠᠷᠢᠶᠠᠯᠠᠭᠳᠠᠬᠤ ᠵᠢᠩᠬᠢᠨᠢ ᠭᠠᠵᠠᠷ ᠤᠨ ᠲᠠᠰ ᠤᠨ ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠲᠤᠰᠢᠶᠠᠯ ᠳᠤ ᠨᠡᠷ᠎ᠡ ᠳᠤᠷᠠᠳᠬᠤ ᠪᠠᠷ ᠪᠣᠶ᠃      ᠵᠠᠩ ᠵᠢᠦ ᠫᠦᠸᠧ᠂ ᠡᠷᠡᠭᠲᠡᠢ᠂ ᠮᠠᠨᠵᠤ ᠦᠨᠳᠦᠰᠦᠲᠡᠨ᠂ 1980 ᠣᠨ ᠤ 11 ᠰᠠᠷ᠎ᠠ ᠳᠤ ᠳᠦᠷᠦᠵᠡᠶ  ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠤᠳᠬ᠎ᠠ ᠵᠣᠬᠢᠶᠠᠯ ᠤᠨ ᠮᠠᠰᠲ᠋ᠧᠷ ᠴᠣᠯᠠ ᠬᠠᠮᠠᠭᠠᠯᠠᠪᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠰᠢᠭᠤ ᠰᠢᠶᠠᠨ ᠲᠣᠭᠤᠷᠢᠭ ᠤᠨ ᠺᠠᠳ᠋ᠷ ᠤᠨ ᠰᠠᠯᠠᠭᠠᠨ ᠤ ᠰᠠᠯᠠᠭᠠᠨ ᠳᠠᠷᠤᠭ᠎ᠠ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤ ᠲᠤᠰᠢᠶᠠᠯ ᠳᠤ ᠲᠣᠮᠢᠯᠠᠬᠤ ᠪᠠᠷ ᠪᠣᠶ᠃     ᠳ᠋ᠠᠢ ᠢᠦᠢ ᠬᠤᠸᠠ᠂ ᠡᠮᠡᠭᠲᠡᠢ᠂ ᠬᠢᠲᠠᠳ ᠦᠨᠳᠦᠰᠦᠲᠡᠨ᠂ 1981 ᠣᠨ ᠤ 7 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠡᠷᠭᠡᠵᠢᠯ ᠤᠨ ᠲᠠᠩᠨᠠᠯᠲᠠ ᠶᠢᠨ ᠰᠠᠯᠪᠤᠷᠢ ᠠᠩᠭᠢ ︵ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠰᠠᠯᠪᠤᠷᠢ ᠠᠩᠭᠢ︶ ᠶᠢᠨ ᠰᠠᠯᠪᠤᠷᠢ ᠠᠩᠭᠢ ᠶᠢᠨ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ  ᠃       ᠯᠢ ᠰᠢᠶᠠᠨ ᠹᠦ᠋᠂ ᠡᠷᠡᠭᠲᠡᠢ᠂ ᠬᠢᠲᠠᠳ ᠦᠨᠳᠦᠰᠦᠲᠡᠨ᠂ 1978 ᠣᠨ ᠤ 10 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠮᠦ ᠵᠢᠶᠠ ᠶᠢᠩᠽᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃      ᠴᠧᠨ ᠶᠠᠨ ᠶᠦᠩ᠂ ᠡᠷᠡᠭᠲᠡᠢ᠂ ᠬᠢᠲᠠᠳ ᠦᠨᠳᠦᠰᠦᠲᠡᠨ᠂ 1975 ᠣᠨ ᠤ 3 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ  ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠨᠢᠩᠴᠧᠩ ᠰᠢᠶᠠᠨ ᠤ ᠪᠠ ᠯᠢ ᠬᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ  ᠃       ᠯᠢᠦ ᠲᠢᠶᠠᠨ ᠢᠦᠢ᠂ ᠡᠮᠡᠭᠲᠡᠢ᠂ ᠬᠢᠲᠠᠳ ᠦᠨᠳᠦᠰᠦᠲᠡᠨ᠂ 1982 ᠣᠨ ᠤ 2 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠶᠢᠨ ᠰᠤᠷᠤᠯᠭ᠎ᠠ ᠶᠢᠨ ᠨᠠᠮᠲᠠᠷ ᠲᠠᠢ᠂ ᠨᠠᠮ ᠪᠦᠯᠦᠭ ᠤᠨ ᠪᠤᠰᠤ ᠬᠥᠮᠥᠨ᠂ ᠤᠳᠤ ᠯᠢᠨᠰᠢ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠤᠢ᠃       ᠤᠳᠠᠨᠮᠦ᠋ᠴᠢᠷ᠂ ᠡᠮᠡᠭᠲᠡᠢ᠂ ᠮᠣᠩᠭᠤᠯ ᠦᠨᠳᠦᠰᠦᠲᠡᠨ᠂ 1984 ᠣᠨ ᠤ 1 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ  ᠲᠠᠢ᠂ ᠨᠠᠮ ᠪᠦᠯᠦᠭ ᠤᠨ ᠪᠤᠰᠤ  ᠬᠦᠮᠦᠨ᠂ ᠣᠲᠣ ᠬᠡᠰᠢᠭᠲᠡᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠶᠢᠨ ᠲᠤᠰᠢᠶᠠᠯ ᠲᠠᠢ ᠂ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃      ᠵᠣᠣ ᠵᠢᠩ ᠴᠤᠸᠠᠨ᠂ ᠡᠷᠡᠭᠲᠡᠢ᠂ ᠬᠢᠲᠠᠳ ᠦᠨᠳᠦᠰᠦᠲᠡᠨ᠂ 1969 ᠣᠨ ᠤ 3 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ  ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠠᠷᠠᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ  ᠃     ᡂᠢ ᠬᠤᠩ ᠽᠧ᠂ ᠡᠷᠡᠭᠲᠡᠢ᠂ ᠬᠢᠲᠠᠳ ᠦᠨᠳᠦᠰᠦᠲᠡᠨ᠂ 1970 ᠣᠨ ᠤ 12 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ  ᠲᠠᠢ᠂ ᠠᠷᠠᠳᠴᠢᠯᠠᠭᠰᠠᠨ ᠬᠤᠯᠪᠣᠭ᠎ᠠ ᠶᠢᠨ ᠭᠡᠰᠢᠭᠦᠨ᠂ ᠣᠲᠣ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃      ᠬᠤᠶᠠᠷ᠂ ᠢᠯᠡ ᠨᠡᠶᠢᠲᠡᠯᠡᠬᠦ ᠴᠠᠭ    2022 ᠣᠨ ᠤ 9 ᠰᠠᠷ᠎ᠠ ᠶᠢᠨ 22 ᠠᠴᠠ 2022 ᠣᠨ ᠤ 9 ᠰᠠᠷ᠎ᠠ ᠶᠢᠨ 28  ᠤ ᠡᠳᠦᠷ ᠪᠣᠯᠲᠠᠯ᠎ᠠ ᠪᠣᠯᠤᠨ᠎ᠠ᠃      ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ     ᠨᠢᠭᠡᠴᠡ ᠪᠣᠯᠣᠨ ᠬᠤᠪᠢ ᠬᠥᠮᠥᠨ  ᠴᠦᠮ ᠰᠣᠷᠪᠤᠯᠵᠢᠯᠠᠭ᠎ᠠ ᠬᠢᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃      ᠢᠯᠡ ᠨᠡᠶᠢᠲᠡᠯᠡᠬᠦ ᠠᠯᠪᠠᠨ ᠭᠡᠷ ᠢ ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 715 ᠲᠠᠰᠤᠭ ᠲᠤ ᠲᠣᠬᠢᠷᠠᠭᠤᠯᠪᠠ᠃        ᠭᠥᠯᠢᠶᠡᠨ ᠠᠪᠬᠤ ᠴᠠᠭ᠄ ᠠᠵᠢᠯ ᠤᠨ ᠡᠳᠦᠷ ᠤᠨ ᠦᠳᠡ ᠶᠢᠨ ᠡᠮᠦᠨᠡᠬᠢ 8᠄ 30 ︱ 12᠄ 00                                                ᠦᠳᠡ ᠶᠢᠨ ᠬᠤᠶᠢᠨᠠᠬᠢ 2᠄ 30 ︱ 5᠄ 30         ᠭᠥᠯᠢᠶᠡᠨ ᠠᠪᠬᠤ ᠤᠲᠠᠰᠤ᠄ ︵0476︶ 12380         ᠣᠨᠴᠠᠭᠠᠶᠢᠯᠠᠨ ᠵᠠᠷᠯᠠᠪᠠ        ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ                                           2022 ᠣᠨ ᠤ 9 ᠰᠠᠷ᠎ᠠ ᠶᠢᠨ 22 ᠤ ᠡᠳᠦᠷ
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ