ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠤᠯᠠᠭᠠᠨᠬᠠᠳᠠ ᠬᠤᠳᠠ ᠶᠢᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ | ᠲᠣᠭᠲᠠᠭᠤᠨ ᠢᠶᠠᠷ ᠨᠡᠮᠡᠭᠳᠡᠵᠦ᠂ ᠣᠨᠴᠠᠭᠠᠶᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠭᠰᠠᠨ ᠵᠢᠴᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠬᠢᠭᠤᠯᠤᠯ ᠳᠣᠣᠷ᠎ᠠ᠂ ᠤᠯᠤᠰ ᠠᠴᠠ ᠮᠠᠯᠴᠢᠨ ᠲᠠᠷᠢᠶᠠᠴᠢᠨ ᠳᠤ ᠠᠰᠢᠭ | ᠬᠦᠷᠲᠡᠭᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠨᠡᠩ ᠶᠡᠭᠡ | ᠪᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠦᠷᠢᠶ᠎ᠡ ᠠᠯᠬᠤᠮ ᠠᠯᠬᠤᠮ ᠢᠶᠠᠷ ᠪᠠᠭᠠᠰᠴᠤ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠪᠦᠲᠦᠴᠡ ᠦᠷᠭᠦᠯᠵᠢᠯᠡᠨ ᠰᠠᠶᠢᠵᠢᠷᠠᠪᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠤᠯᠠᠭᠠᠨᠬᠠᠳᠠ ᠶᠢᠨ ᠪᠠᠶᠢᠴᠠᠭᠠᠯᠲᠠ ᠶᠢᠨ ᠠᠩᠭᠢ ᠶᠢᠨ ᠥᠯᠢᠭᠡᠷ ᠠᠪᠴᠤ ᠪᠠᠶᠢᠴᠠᠭᠠᠭᠰᠠᠨ ᠢᠶᠠᠷ᠂ 2021 ᠣᠨ ᠳᠤ ᠤᠯᠠᠭᠠᠨᠬᠠᠳᠠ ᠬᠤᠲᠠ ᠶᠢᠨ ᠬᠤᠲᠠ | ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 37468 ᠲᠥᠭᠦᠷᠢᠭ ᠲᠤ ᠬᠦᠷᠴᠦ᠂ 2012 | ᠣᠨ ᠤ ᠬᠢ ᠠᠴᠠ 97.3% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 15279 ᠲᠥᠭᠦᠷᠢᠭ ᠲᠤ ᠬᠦᠷᠴᠦ᠂ 2012 ᠣᠨ ᠤ ᠬᠢ ᠠᠴᠠ 137.7% ᠨᠡᠮᠡᠭᠳᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠤᠨ ᠬᠤᠷᠳᠤᠴᠠ ᠠᠴᠠ 40.4 ᠵᠠᠭᠤᠨ ᠤ ᠴᠡᠭ ᠲᠦᠷᠭᠡᠨ ᠪᠣᠯᠵᠠᠶ᠃ 2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ | ᠳᠠᠬᠢᠨ ᠲᠤᠭ᠎ᠠ ᠶᠢᠨ ᠬᠠᠷᠢᠴᠠᠯ 2.45 ᠪᠣᠯᠵᠣ᠂ 2012 ᠣᠨ ᠤ 2.95 ᠲᠠᠢ ᠬᠠᠷᠢᠴᠠᠭᠤᠯᠪᠠᠯ 0.5 ᠪᠠᠷ ᠪᠠᠭᠠᠰᠴᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠵᠥᠷᠢᠶ᠎ᠡ ᠢᠯᠡᠳᠲᠡ ᠪᠠᠭᠠᠰᠤᠭᠰᠠᠨ ᠪᠠᠶᠢᠨ᠎ᠠ᠃ | |