ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠤᠯᠠᠭᠠᠨᠬᠠᠳᠠ ᠬᠤᠲᠠ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠦᠷ᠎ᠡ ᠪᠦᠲᠦᠭᠡᠯ ᠢᠯᠡᠳᠲᠡ ᠪᠣᠯᠪᠠ
ᠨᠡᠶᠢᠲᠡᠯᠡᠭᠰᠡᠨ ᠴᠠᠭ᠄
2022/9/26
     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠤᠯᠠᠭᠠᠨᠬᠠᠳᠠ ᠬᠤᠲᠠ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠢᠨᠠᠨ ᠰᠢᠯᠭᠠᠬᠤ ᠬᠠᠷᠢᠭᠤᠴᠠᠯᠭ᠎ᠠ ᠶᠢᠨ ᠲᠦᠷᠢᠮ ᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠲᠠᠯᠠᠪᠠᠶ ᠪᠠ ᠤᠨᠠᠯᠲᠠ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠪᠠ᠃ 2021 ᠣᠨ ᠳᠤ᠂ ᠤᠯᠠᠭᠠᠨᠬᠠᠳᠠ ᠬᠤᠲᠠ ᠶᠢᠨ ᠠᠮᠤ ᠪᠤᠳᠠᠭ᠎ᠠ ᠳᠠᠷᠢᠬᠤ ᠲᠠᠯᠠᠪᠠᠶ 1122.4 ᠮᠢᠩᠭᠠᠨ ᠾᠧᠺᠲ᠋ᠠᠷ ᠲᠤ ᠬᠦᠷᠴᠦ᠂ 2012 ᠣᠨ ᠤ ᠬᠢ ᠠᠴᠠ 155.4 ᠮᠢᠩᠭᠠᠨ ᠾᠧᠺᠲ᠋ᠠᠷ ᠨᠡᠮᠡᠭᠳᠡᠨ᠂ 16.1% ᠨᠡᠮᠡᠭᠳᠡᠵᠦ᠂ ᠵᠢᠯ ᠪᠦᠷᠢ ᠳᠤᠮᠳᠠᠴᠢ ᠪᠠᠷ 1.7% ᠨᠡᠮᠡᠭᠳᠡᠪᠡ᠃ 2021 ᠣᠨ ᠳᠤ᠂ ᠤᠯᠠᠭᠠᠨᠬᠠᠳᠠ ᠬᠤᠲᠠ ᠶᠢᠨ ᠠᠮᠤ ᠪᠤᠳᠠᠭᠠᠨ ᠤ ᠶᠡᠷᠦᠩᠬᠡᠶ ᠤᠨᠠᠯᠲᠠ 624.8 ᠲᠦᠮᠡᠨ ᠲᠣᠨ ᠳᠤ ᠬᠦᠷᠴᠦ᠂ 2012 ᠣᠨ ᠤ ᠬᠢ ᠠᠴᠠ 142.9 ᠲᠦᠮᠡᠨ ᠲᠣᠨ ᠨᠡᠮᠡᠭᠳᠡᠨ᠂ 29.6% ᠨᠡᠮᠡᠭᠳᠡᠵᠦ᠂ ᠵᠢᠯ ᠪᠦᠷᠢ ᠳᠤᠮᠳᠠᠴᠢ ᠪᠠᠷ 2.9% ᠨᠡᠮᠡᠭᠳᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ