| ᠤᠯᠤᠰ ᠤᠨ ᠪᠠᠶᠠᠷ ᠤᠨ ᠠᠮᠠᠷᠠᠯᠲᠠ ᠵᠢᠴᠢ ᠡᠮᠦᠨ᠎ᠡ ᠬᠤᠶᠢᠨᠠᠬᠢ ᠬᠤᠭᠤᠴᠠᠭᠠᠨ ᠳᠤ ᠬᠥᠮᠦᠰ ᠤᠨ ᠶᠠᠪᠤᠵᠤ ᠰᠠᠭᠤᠬᠤ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ | ᠣᠯᠠᠰᠢᠷᠠᠬᠤ ᠪᠣᠯᠬᠤᠷ ᠬᠢᠵᠢᠭ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠤᠯᠠᠮ ᠨᠢᠭᠡ ᠠᠯᠬᠤᠮ ᠨᠡᠮᠡᠭᠳᠡᠬᠦ ᠪᠣᠯᠤᠨ᠎ᠠ᠃ ᠬᠢᠵᠢᠭ ᠤᠨ ᠬᠠᠯᠳᠠᠪᠤᠷᠢᠯᠠᠨ ᠣᠷᠣᠵᠤ | ᠢᠷᠡᠬᠦ ᠪᠠ ᠨᠢᠭᠤᠴᠠᠬᠠᠢ ᠪᠠᠷ ᠲᠠᠷᠬᠠᠬᠤ ᠶᠢ ᠴᠢᠩᠭ᠎ᠠ ᠰᠡᠷᠭᠡᠶᠢᠯᠡᠨ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ | ᠪᠠᠲᠤᠯᠠᠵᠤ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠥᠲᠦᠮᠵᠢ ᠶᠢ ᠪᠠᠬᠢᠵᠢᠭᠦᠯᠬᠦ ᠶᠢᠨ ᠲᠤᠰᠠᠳᠠ᠂ ᠬᠤᠲᠠ ᠶᠢᠨ | ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ﹇2022﹈ 56 ᠳ᠋ᠤᠭᠠᠷ ᠲᠣᠭᠠᠲᠤ ᠵᠠᠷᠯᠠᠯ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ | ᠂ ᠡᠳᠦᠭᠡ ᠤᠯᠤᠰ ᠤᠨ ᠪᠠᠶᠠᠷ ᠤᠨ ᠠᠮᠠᠷᠠᠯᠲᠠ ᠵᠢᠴᠢ ᠡᠮᠦᠨ᠎ᠡ ᠬᠤᠶᠢᠨᠠᠬᠢ ᠬᠤᠭᠤᠴᠠᠭᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠥᠬᠦᠶ | ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠬᠤᠲᠠ ᠶᠢᠨ ᠳᠣᠲᠣᠨ᠎ᠠ ᠭᠠᠳᠠᠨᠠᠬᠢ ᠥᠷᠭᠡᠨ ᠣᠯᠠᠨ ᠬᠤᠲᠠ ᠶᠢᠨ ᠠᠷᠠᠳ ᠤᠨ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ | ᠲᠤᠬᠠᠢ ᠶᠢᠨ ᠭᠠᠵᠠᠷ ᠲᠠᠭᠠᠨ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠰᠠᠨᠠᠭᠠᠴᠢᠯᠠᠵᠤ᠂ ᠴᠢᠬᠤᠯᠠ ᠤᠴᠢᠷ ᠦᠭᠡᠢ ᠪᠣᠯ ᠤᠯᠠᠭᠠᠨᠬᠠᠳᠠ ᠠᠴᠠ ᠭᠠᠷᠬᠤ ᠦᠭᠡᠶ᠂ | ᠤᠯᠠᠭᠠᠨᠬᠠᠳᠠ ᠳᠤ ᠪᠤᠴᠠᠬᠤ ᠦᠭᠡᠶ ᠪᠠᠶᠢᠵᠤ᠂ ᠣᠷᠣᠨ ᠬᠤᠲᠠ ᠠᠯᠤᠰᠯᠠᠭᠰᠠᠨ ᠠᠶᠠᠯᠠᠯ ᠢ ᠪᠠᠭᠠᠰᠬᠠᠨ᠂ ᠬᠦᠮᠦᠰ ᠤᠨ ᠶᠠᠪᠤᠵᠤ ᠰᠠᠭᠤᠬᠤ ᠠᠴᠠ ᠪᠣᠯᠵᠤ ᠬᠢᠵᠢᠭ | ᠳᠡᠯᠭᠡᠷᠡᠬᠦ ᠲᠦᠭᠰᠢᠭᠦᠷᠢ ᠡᠭᠦᠰᠬᠦ ᠠᠴᠠ ᠵᠠᠶᠢᠯᠠᠰᠬᠢᠬᠦ ᠬᠡᠷᠡᠭᠲᠡᠶ᠃ ᠦᠨᠡᠬᠡᠷ ᠤᠯᠠᠭᠠᠨᠬᠠᠳᠠ ᠠᠴᠠ ᠭᠠᠷᠬᠤ ᠴᠢᠬᠤᠯᠠ ᠲᠠᠢ ᠪᠣᠯ 48 ᠴᠠᠭ ᠤᠨ ᠳᠣᠲᠣᠷᠠᠬᠢ ᠪᠥᠭᠡᠮ | ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠠᠪᠴᠤ ᠶᠠᠪᠤᠬᠤ ᠬᠡᠷᠡᠭᠲᠡᠶ᠃ | ᠬᠤᠶᠠᠷ᠂ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠪᠤᠢ ᠪᠦᠬᠦᠢ ᠬᠥᠮᠦᠰ 24 ᠴᠠᠭ ᠤᠨ ᠡᠮᠦᠨ᠎ᠡ ᠤᠷᠢᠳᠴᠢᠯᠠᠨ ︽ᠤᠯᠠᠭᠠᠨᠬᠠᠳᠠ ᠳᠤ ᠪᠤᠴᠠᠵᠤ | ᠢᠷᠡᠬᠦ ᠬᠦᠮᠦᠰ ᠢ ᠪᠦᠷᠢᠳᠬᠡᠨ ᠳᠠᠩᠰᠠᠯᠠᠬᠤ ᠰᠢᠰᠲ᠋ᠧᠮ︾ ᠳᠤ ᠳᠠᠩᠰᠠᠯᠠᠭᠤᠯᠬᠤ ᠶᠢᠨ ᠬᠠᠮᠲᠤ᠂ 48 ᠴᠠᠭ ᠤᠨ ᠳᠣᠲᠣᠷᠠᠬᠢ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ᠤᠯᠠᠭᠠᠨᠬᠠᠳᠠ ᠳᠤ ᠬᠦᠷᠦᠭᠰᠡᠨ ᠠᠩᠬᠠᠨ ᠤ ᠴᠡᠭ ᠲᠤ ︽ᠬᠦᠷᠴᠦ ᠰᠠᠭᠠᠲᠠᠭᠰᠠᠨ ᠭᠠᠵᠠᠷ ᠤᠨ | ᠪᠠᠶᠢᠴᠠᠭᠠᠯᠲᠠ︾ ᠬᠢᠵᠦ᠂ 24~72 ᠴᠠᠭ ᠤᠨ ᠳᠣᠲᠣᠷ᠎ᠠ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠯᠬᠡᠵᠦ᠂ ᠵᠣᠷᠢᠭᠰᠠᠨ ᠭᠠᠵᠠᠷ ᠲᠠᠭᠠᠨ | ᠬᠦᠷᠦᠭᠰᠡᠨ ᠤ ᠳᠠᠷᠠᠭ᠎ᠠ ᠬᠠᠮᠤᠭ ᠲᠡᠷᠢᠭᠦᠨ ᠳᠤ ᠨᠡᠶᠢᠭᠡᠮ ᠲᠣᠭᠤᠷᠢᠭ ︵ᠲᠣᠰᠬᠤᠨ ᠭᠠᠴᠠᠭ᠎ᠠ︶᠂ ᠪᠠᠶᠢᠭᠤᠯᠭ᠎ᠠ ᠨᠢᠭᠡᠴᠡ ᠪᠤᠶᠤ ᠪᠠᠭᠤᠳᠠᠯ ᠳᠤ ᠪᠠᠨ ᠮᠡᠳᠡᠭᠦᠯᠦᠨ | ᠳᠠᠩᠰᠠᠯᠠᠭᠤᠯᠤᠨ᠎ᠠ᠃ | ᠭᠤᠷᠪᠠ᠂ ᠵᠠᠰᠠᠮᠠᠯ ᠵᠠᠮ ᠤᠨ ᠬᠢᠵᠢᠭ ᠤᠨ ᠪᠠᠶᠢᠳᠠᠯ ᠤᠨ ᠦᠢᠯᠡᠴᠢᠯᠡᠭᠡᠨ ᠤ ᠥᠷᠲᠡᠭᠡ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ | ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠵᠡᠷᠭᠡ ᠲᠠᠯᠠᠪᠤᠷ ᠤᠳ ᠪᠡᠶ᠎ᠡ ᠶᠢᠨ ᠳᠤᠯᠠᠭᠠᠨ ᠢ ᠬᠡᠮᠵᠢᠬᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ | ᠭᠡᠷᠡᠴᠢ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠠᠷᠲ ᠪᠠ ︽ᠬᠦᠷᠴᠦ ᠰᠠᠭᠠᠲᠠᠭᠰᠠᠨ ᠭᠠᠵᠠᠷ ᠤᠨ ᠺᠣᠳ᠋︾ ᠢ ᠪᠠᠶᠢᠴᠠᠭᠠᠨ ᠦᠵᠡᠬᠦ ᠵᠡᠷᠭᠡ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠦᠷᠴᠦ ᠰᠠᠭᠠᠲᠠᠭᠰᠠᠨ ᠭᠠᠵᠠᠷ︾ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ | ᠰᠠᠶᠢᠲᠤᠷ ᠬᠢᠬᠦ ᠬᠡᠷᠡᠭᠲᠡᠶ᠃ ᠲᠦᠷᠭᠡᠨ ᠵᠠᠰᠠᠮᠠᠯ ᠵᠠᠮ ᠤᠨ ᠦᠢᠯᠡᠴᠢᠯᠡᠭᠡᠨ ᠤ ᠭᠠᠵᠠᠷ ᠨᠢ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ ᠵᠡᠷᠭᠡ ᠬᠢᠵᠢᠭ ᠢ | ᠰᠡᠷᠭᠡᠶᠢᠯᠡᠬᠦ ᠲᠣᠭᠲᠠᠭᠠᠯ ᠢ ᠨᠠᠶᠢᠳᠠᠪᠤᠷᠢᠵᠢᠭᠤᠯᠬᠤ ᠬᠡᠷᠡᠭᠲᠡᠶ᠃ | ᠲᠦᠷᠪᠡ᠂ ᠴᠢᠬᠤᠯᠠ ᠤᠴᠢᠷ ᠦᠭᠡᠢ ᠪᠣᠯ ᠲᠤᠮᠤ ᠬᠡᠯᠪᠡᠷᠢ ᠶᠢᠨ ᠬᠤᠷᠠᠯ᠂ ᠪᠣᠯᠪᠠᠰᠤᠷᠠᠯ᠂ ᠦᠵᠡᠭᠦᠯᠭᠡ᠂ ᠤᠷᠠᠨ ᠰᠠᠶᠢᠬᠠᠨ ᠤ ᠲᠣᠭᠯᠠᠯᠲᠠ ᠵᠡᠷᠭᠡ | ᠴᠤᠭᠯᠠᠷᠠᠯ ᠤᠨ ᠴᠢᠨᠠᠷᠲᠠᠶ ᠠᠵᠢᠯᠯᠠᠭᠠᠨ ᠢ ᠡᠷᠬᠢᠯᠡᠬᠦ ᠦᠭᠡᠢ᠃ ᠦᠨᠡᠨᠬᠦ ᠡᠷᠭᠢᠯᠡᠬᠦ ᠴᠢᠬᠤᠯᠠᠲᠠᠶ ᠪᠣᠯ᠂ ᠬᠠᠷᠢᠶ᠎ᠠ ᠭᠠᠵᠠᠷ ᠤᠨ ᠵᠢᠯᠣᠭᠤᠳᠬᠤ ᠭᠠᠵᠠᠷ ᠠᠴᠠ ᠴᠢᠩᠭ᠎ᠠ | ᠬᠢᠨᠠᠨ ᠵᠥᠪᠰᠢᠶᠡᠷᠡᠵᠦ᠂ ᠬᠡᠪᠴᠢᠶ᠎ᠡ ᠶᠢ ᠨᠢ ᠪᠠᠭᠠᠰᠬᠠᠨ᠂ ᠬᠥᠮᠦᠨ ᠤ ᠲᠤᠭ᠎ᠠ ᠶᠢ ᠨᠢ ᠬᠢᠵᠠᠭᠠᠷᠯᠠᠵᠤ᠂ ᠰᠡᠷᠭᠡᠶᠢᠯᠡᠨ ᠡᠵᠡᠮᠳᠡᠬᠦ ᠲᠥᠰᠦᠯ ᠲᠣᠭᠲᠠᠭᠠᠨ᠂ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯᠯᠠᠭᠠᠨ ᠳᠤ ᠣᠷᠣᠯᠴᠠᠭᠰᠠᠳ ᠢ ᠺᠣᠳ᠋ ᠰᠢᠷᠪᠢᠭᠦᠯᠦᠨ ᠳᠡᠩᠰᠡᠯᠡᠨ ᠲᠡᠮᠳᠡᠭᠯᠡᠵᠦ᠂ 48 ᠴᠠᠭ ᠤᠨ | ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠨᠢ ᠪᠠᠶᠢᠴᠠᠭᠠᠬᠤ ᠬᠡᠷᠡᠭᠲᠡᠶ᠃ ᠬᠤᠷᠢᠮ ᠪᠡᠯᠪᠡᠰᠦᠷᠡᠯ ᠤᠨ ᠠᠵᠢᠯᠯᠠᠭᠠᠨ ᠢ | ᠳᠥᠭᠦᠮ ᠢᠶᠠᠷ ᠬᠢᠵᠦ᠂ ᠬᠥᠮᠦᠨ ᠤ ᠲᠤᠭ᠎ᠠ ᠶᠢ ᠠᠯᠢ ᠴᠢᠳᠠᠬᠤ ᠪᠠᠷ ᠪᠠᠭᠠᠰᠬᠠᠬᠤ ᠶᠢ ᠰᠠᠨᠠᠭᠠᠴᠢᠯᠠᠶ᠎ᠠ᠃ | ᠲᠠᠪᠤ᠂ ᠬᠤᠳᠠᠯᠳᠤᠭ᠎ᠠ ᠬᠡᠲᠦ ᠳᠡᠯᠭᠡᠭᠦᠷ᠂ ᠲᠠᠷᠢᠶᠠᠯᠠᠩ ᠤᠨ ᠪᠥᠲᠦᠭᠡᠭᠳᠡᠬᠦᠨ ᠤ ︵ᠴᠤᠭᠯᠠᠭ᠎ᠠ︶ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠬᠤᠳᠠᠯᠳᠤᠭ᠎ᠠ᠂ | ᠺᠢᠨᠣ᠋ ᠵᠦᠴᠦᠭᠡ ᠶᠢᠨ ᠲᠢᠶᠠᠲᠷ᠂ ᠤᠬᠢᠶᠠᠯᠭ᠎ᠠ ᠶᠢᠨ ᠭᠠᠵᠠᠷ᠂ ᠰᠦᠯᠵᠢᠶᠡᠨ ᠪᠠᠭᠠᠷ᠂ KTV ᠵᠡᠷᠭᠡ ᠲᠠᠯᠠᠪᠤᠷ ᠤᠳ ︽ᠲᠠᠯᠠᠪᠤᠷ ᠭᠠᠵᠠᠷ ᠤᠨ ᠺᠣᠳ᠋︾ ᠰᠢᠷᠪᠢᠬᠦ᠂ | ᠪᠡᠶ᠎ᠡ ᠶᠢᠨ ᠳᠤᠯᠠᠭᠠᠨ ᠢ ᠬᠡᠮᠵᠢᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠬᠥᠮᠦᠰ ᠢ ᠵᠠᠯᠠᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠴᠤᠭᠯᠠᠷᠠᠬᠤ ᠶᠢ ᠰᠡᠷᠭᠡᠶᠢᠯᠡᠬᠦ ᠬᠡᠷᠡᠭᠲᠡᠶ᠃ | ᠵᠢᠷᠭᠤᠭ᠎ᠠ᠂ ᠡᠯ᠎ᠡ ᠲᠥᠷᠥᠯ ᠤᠨ ᠴᠡᠴᠡᠷᠯᠢᠭ᠂ ᠦᠵᠡᠮᠵᠢ ᠶᠢᠨ ᠣᠷᠣᠨ᠂ ᠦᠵᠡᠮᠵᠢ ᠶᠢᠨ ᠴᠡᠭ ᠲᠤ ︽ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ | ︾ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠶᠠᠪᠤᠵᠤ ᠰᠠᠭᠤᠬᠤ ᠵᠠᠮ ᠱᠤᠭᠤᠮ ᠪᠠ ᠴᠠᠭ | ᠬᠤᠭᠤᠴᠠᠭ᠎ᠠ ᠶᠢ ᠵᠣᠬᠢᠰᠲᠠᠶ ᠰᠣᠩᠭᠤᠭᠤᠯᠵᠤ᠂ ᠴᠠᠭ ᠬᠤᠭᠤᠴᠠᠭ᠎ᠠ ᠶᠢ ᠵᠥᠷᠢᠭᠦᠯᠦᠨ ᠶᠠᠪᠤᠵᠤ ᠰᠠᠭᠤᠬᠤ᠂ ᠠᠶᠠᠯᠠᠨ ᠵᠤᠭᠠᠴᠠᠬᠤ ᠶᠢ ᠪᠡᠶᠡᠯᠡᠭᠦᠯᠦᠨ᠂ ᠥᠪᠡᠷ ᠢᠶᠠᠨ | ᠲᠡᠷᠭᠡ ᠵᠢᠯᠤᠭᠤᠳᠤᠨ ᠵᠤᠭᠠᠴᠠᠬᠤ ᠬᠥᠮᠦᠰ ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃ ᠵᠣᠴᠢᠳ ᠤᠨ ᠪᠠᠭᠤᠳᠠᠯ ᠳᠤ ᠬᠤᠨᠣᠬᠤ | ᠪᠠ ᠵᠢᠭᠤᠯᠴᠢᠯᠠᠯ ᠤᠨ ᠣᠷᠣᠨ ᠳᠤ ᠣᠷᠣᠬᠤ ᠳᠤ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ | ᠰᠢᠯᠭᠠᠬᠤ ᠬᠡᠷᠡᠭᠲᠡᠶ᠃ | ᠲᠤᠯᠤᠭ᠎ᠠ᠂ ᠥᠷᠭᠡᠨ ᠤᠯᠠᠨ ᠬᠤᠳᠠ ᠶᠢᠨ ᠠᠷᠠᠳ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ | ᠴᠤᠭᠯᠠᠷᠠᠬᠤ ᠵᠡᠷᠭᠡ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠬᠤ ᠬᠡᠷᠡᠭᠲᠡᠶ᠃ ᠬᠤᠪᠢ ᠬᠥᠮᠦᠨ ᠪᠠ ᠬᠡᠷ ᠤᠨ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠢ ᠨᠢᠭᠲᠠ | ᠠᠩᠬᠠᠷᠴᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠂ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠡᠪᠡᠳᠴᠢᠨ ᠤ ᠢᠯᠡᠷᠡᠯ | ᠭᠠᠷᠪᠠᠯ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠳᠠᠷᠦ᠋ᠢᠬᠠᠨ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ | ᠬᠦᠷᠴᠦ ᠡᠮᠨᠡᠭᠦᠯᠬᠦ ᠬᠡᠷᠡᠭᠲᠡᠶ᠂ ᠡᠮᠨᠡᠭᠦᠯᠬᠦ ᠵᠠᠮ ᠳᠠᠭᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠵᠤ ᠪᠣᠯᠬᠤ ᠥᠬᠡᠶ᠃ | ᠨᠠᠢᠮᠠ᠂ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠬᠡᠷᠡᠭᠵᠢᠭᠦᠯᠦᠭᠰᠡᠨ ᠦᠭᠡᠢ᠂ ᠬᠤᠪᠢ ᠬᠥᠮᠦᠨ ᠤ ᠶᠠᠪᠤᠵᠤ ᠰᠠᠭᠤᠭᠰᠠᠨ | ᠵᠠᠮ ᠮᠥᠷ ᠢᠶᠠᠨ ᠦᠨᠡᠨ ᠢᠶᠠᠷ ᠮᠡᠳᠡᠭᠦᠯᠦᠭᠰᠡᠨ ᠦᠭᠡᠢ ᠠᠴᠠ ᠪᠤᠯᠵᠦ ᠬᠢᠵᠢᠭ ᠲᠡᠯᠭᠡᠷᠡᠭᠦᠯᠬᠦ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠶ ᠨᠥᠯᠦᠭᠡ ᠭᠠᠷᠭᠠᠪᠠᠯ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠢᠵᠢᠭ ᠢ ᠰᠡᠷᠭᠡᠶᠢᠯᠡᠨ ᠡᠵᠡᠮᠳᠡᠬᠦ ᠲᠣᠭᠲᠠᠭᠠᠯ ᠠᠴᠠ | ᠵᠦᠷᠢᠴᠡᠭᠰᠡᠨ ᠠᠵᠢᠯᠯᠠᠭᠠᠨ ᠢ ᠢᠯᠡᠴᠢᠯᠡᠨ ᠮᠡᠳᠡᠭᠦᠯᠬᠦ ᠶᠢ ᠥᠷᠭᠡᠨ ᠣᠯᠠᠨ ᠬᠤᠲᠠ ᠶᠢᠨ ᠠᠷᠠᠳ ᠲᠤ ᠬᠦᠰᠡᠵᠦ ᠪᠠᠶᠢᠬᠤ ᠮᠥᠷᠲᠡᠭᠡᠨ ᠬᠢᠨᠠᠨ ᠬᠠᠷᠭᠤᠭᠤᠯᠤᠭᠰᠠᠨ ᠤ | ᠳᠠᠷᠠᠭ᠎ᠠ ᠵᠣᠬᠢᠬᠤ ᠱᠠᠩᠨᠠᠯ ᠣᠯᠭᠤᠨ᠎ᠠ᠃ | ᠶᠢᠰᠦ᠂ ᠲᠣᠰ ᠵᠠᠷᠯᠠᠯ ᠤᠨ ᠠᠭᠤᠯᠭ᠎ᠠ ᠨᠢ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ︹ 2022 ︺ 56 | ᠳ᠋ᠤᠭᠠᠷ ᠲᠣᠭᠠᠲᠤ ᠵᠠᠷᠯᠠᠯ ᠤᠨ ᠠᠭᠤᠯᠭ᠎ᠠ ᠲᠠᠢ ᠨᠢᠭᠡᠳᠦᠯ ᠥᠬᠡᠶ ᠪᠠᠶᠢᠪᠠᠯ᠂ ᠲᠣᠰ ᠵᠠᠷᠯᠠᠯ ᠢᠶᠠᠷ ᠪᠠᠷᠢᠮᠵᠢᠶ᠎ᠠ ᠪᠣᠯᠭᠠᠨ᠎ᠠ᠃ | ᠥᠷᠭᠡᠨ ᠤᠯᠠᠨ ᠬᠤᠳᠠ ᠶᠢᠨ ᠠᠷᠠᠳ ᠨᠠᠷ ᠡ᠂ ᠬᠢᠵᠢᠭ ᠰᠡᠷᠭᠡᠶᠢᠯᠡᠨ ᠡᠵᠡᠮᠳᠡᠬᠦ ᠪᠣᠯ ᠨᠢᠭᠡ ᠤᠳᠠᠭᠠᠨ ᠤ ᠠᠷᠠᠳ ᠤᠨ ᠳᠠᠶᠢᠯᠠᠯᠳᠤᠭᠠᠨ ᠮᠥᠨ᠂ ᠪᠦᠬᠦ | ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠵᠤ᠂ ᠵᠣᠬᠢᠴᠠᠩᠭᠤᠶ ᠪᠠᠷ ᠠᠬᠢᠭᠤᠯᠬᠤ ᠴᠢᠬᠤᠯᠠᠲᠠᠶ ᠪᠦᠭᠡᠳ ᠬᠤᠳᠠ ᠶᠢᠨ ᠠᠷᠠᠳ ᠨᠢᠭᠡᠪᠦᠷᠢ ᠶᠢᠨ ᠣᠶᠢᠯᠠᠭᠠᠯᠲᠠ ᠪᠠ | ᠳᠡᠮᠵᠢᠯᠭᠡ ᠶᠢ ᠱᠠᠭᠠᠷᠳᠠᠨ᠎ᠠ᠂ ᠪᠢᠳᠡ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠶ᠎ᠠ︕ | ᠪᠥᠬᠦ ᠬᠤᠲᠠ ᠶᠢᠨ ᠠᠷᠠᠳ ᠤᠯᠤᠰ ᠤᠨ ᠪᠠᠶᠠᠷ ᠤᠨ ᠠᠮᠠᠷᠠᠯᠲᠠ ᠪᠠᠨ ᠪᠠᠶᠠᠷ ᠬᠥᠷ ᠲᠠᠢ᠂ ᠡᠷᠡᠭᠦᠯ ᠮᠡᠨᠳᠦ ᠠᠮᠤᠷ ᠲᠦᠪᠰᠢᠨ ᠥᠩᠭᠡᠷᠡᠭᠦᠯᠬᠦ ᠶᠢ ᠬᠦᠰᠡᠶ᠎ᠡ︕ | 2022 ᠣᠨ ᠤ 9 ᠰᠠᠷ᠎ᠠ ᠶᠢᠨ 27 | | |