ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ ︹ 2022 ︺ 57 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2022/9/28
     ᠤᠯᠤᠰ ᠤᠨ ᠪᠠᠶᠠᠷ ᠤᠨ ᠠᠮᠠᠷᠠᠯᠲᠠ ᠵᠢᠴᠢ ᠡᠮᠦᠨ᠎ᠡ ᠬᠤᠶᠢᠨᠠᠬᠢ ᠬᠤᠭᠤᠴᠠᠭᠠᠨ ᠳᠤ ᠬᠥᠮᠦᠰ ᠤᠨ ᠶᠠᠪᠤᠵᠤ ᠰᠠᠭᠤᠬᠤ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠣᠯᠠᠰᠢᠷᠠᠬᠤ ᠪᠣᠯᠬᠤᠷ ᠬᠢᠵᠢᠭ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠤᠯᠠᠮ ᠨᠢᠭᠡ ᠠᠯᠬᠤᠮ ᠨᠡᠮᠡᠭᠳᠡᠬᠦ ᠪᠣᠯᠤᠨ᠎ᠠ᠃ ᠬᠢᠵᠢᠭ ᠤᠨ ᠬᠠᠯᠳᠠᠪᠤᠷᠢᠯᠠᠨ ᠣᠷᠣᠵᠤ ᠢᠷᠡᠬᠦ ᠪᠠ ᠨᠢᠭᠤᠴᠠᠬᠠᠢ ᠪᠠᠷ ᠲᠠᠷᠬᠠᠬᠤ ᠶᠢ ᠴᠢᠩᠭ᠎ᠠ ᠰᠡᠷᠭᠡᠶᠢᠯᠡᠨ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠥᠲᠦᠮᠵᠢ ᠶᠢ ᠪᠠᠬᠢᠵᠢᠭᠦᠯᠬᠦ ᠶᠢᠨ ᠲᠤᠰᠠᠳᠠ᠂ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ﹇2022﹈ 56 ᠳ᠋ᠤᠭᠠᠷ ᠲᠣᠭᠠᠲᠤ ᠵᠠᠷᠯᠠᠯ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠂ ᠡᠳᠦᠭᠡ ᠤᠯᠤᠰ ᠤᠨ ᠪᠠᠶᠠᠷ ᠤᠨ ᠠᠮᠠᠷᠠᠯᠲᠠ ᠵᠢᠴᠢ ᠡᠮᠦᠨ᠎ᠡ ᠬᠤᠶᠢᠨᠠᠬᠢ ᠬᠤᠭᠤᠴᠠᠭᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠬᠤᠲᠠ ᠶᠢᠨ ᠳᠣᠲᠣᠨ᠎ᠠ ᠭᠠᠳᠠᠨᠠᠬᠢ ᠥᠷᠭᠡᠨ ᠣᠯᠠᠨ ᠬᠤᠲᠠ ᠶᠢᠨ ᠠᠷᠠᠳ ᠤᠨ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠲᠤᠬᠠᠢ ᠶᠢᠨ ᠭᠠᠵᠠᠷ ᠲᠠᠭᠠᠨ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠰᠠᠨᠠᠭᠠᠴᠢᠯᠠᠵᠤ᠂ ᠴᠢᠬᠤᠯᠠ ᠤᠴᠢᠷ ᠦᠭᠡᠢ ᠪᠣᠯ ᠤᠯᠠᠭᠠᠨᠬᠠᠳᠠ ᠠᠴᠠ ᠭᠠᠷᠬᠤ ᠦᠭᠡᠶ᠂ ᠤᠯᠠᠭᠠᠨᠬᠠᠳᠠ ᠳᠤ ᠪᠤᠴᠠᠬᠤ ᠦᠭᠡᠶ ᠪᠠᠶᠢᠵᠤ᠂ ᠣᠷᠣᠨ ᠬᠤᠲᠠ ᠠᠯᠤᠰᠯᠠᠭᠰᠠᠨ ᠠᠶᠠᠯᠠᠯ ᠢ ᠪᠠᠭᠠᠰᠬᠠᠨ᠂ ᠬᠦᠮᠦᠰ ᠤᠨ ᠶᠠᠪᠤᠵᠤ ᠰᠠᠭᠤᠬᠤ ᠠᠴᠠ ᠪᠣᠯᠵᠤ ᠬᠢᠵᠢᠭ ᠳᠡᠯᠭᠡᠷᠡᠬᠦ ᠲᠦᠭᠰᠢᠭᠦᠷᠢ ᠡᠭᠦᠰᠬᠦ ᠠᠴᠠ ᠵᠠᠶᠢᠯᠠᠰᠬᠢᠬᠦ ᠬᠡᠷᠡᠭᠲᠡᠶ᠃ ᠦᠨᠡᠬᠡᠷ ᠤᠯᠠᠭᠠᠨᠬᠠᠳᠠ ᠠᠴᠠ ᠭᠠᠷᠬᠤ ᠴᠢᠬᠤᠯᠠ ᠲᠠᠢ ᠪᠣᠯ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠠᠪᠴᠤ ᠶᠠᠪᠤᠬᠤ ᠬᠡᠷᠡᠭᠲᠡᠶ᠃      ᠬᠤᠶᠠᠷ᠂ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠪᠤᠢ ᠪᠦᠬᠦᠢ ᠬᠥᠮᠦᠰ 24 ᠴᠠᠭ ᠤᠨ ᠡᠮᠦᠨ᠎ᠡ ᠤᠷᠢᠳᠴᠢᠯᠠᠨ ︽ᠤᠯᠠᠭᠠᠨᠬᠠᠳᠠ ᠳᠤ ᠪᠤᠴᠠᠵᠤ ᠢᠷᠡᠬᠦ ᠬᠦᠮᠦᠰ ᠢ ᠪᠦᠷᠢᠳᠬᠡᠨ ᠳᠠᠩᠰᠠᠯᠠᠬᠤ ᠰᠢᠰᠲ᠋ᠧᠮ︾ ᠳᠤ ᠳᠠᠩᠰᠠᠯᠠᠭᠤᠯᠬᠤ ᠶᠢᠨ ᠬᠠᠮᠲᠤ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ᠤᠯᠠᠭᠠᠨᠬᠠᠳᠠ ᠳᠤ ᠬᠦᠷᠦᠭᠰᠡᠨ ᠠᠩᠬᠠᠨ ᠤ ᠴᠡᠭ ᠲᠤ ︽ᠬᠦᠷᠴᠦ ᠰᠠᠭᠠᠲᠠᠭᠰᠠᠨ ᠭᠠᠵᠠᠷ ᠤᠨ ᠪᠠᠶᠢᠴᠠᠭᠠᠯᠲᠠ︾ ᠬᠢᠵᠦ᠂ 24~72 ᠴᠠᠭ ᠤᠨ ᠳᠣᠲᠣᠷ᠎ᠠ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠯᠬᠡᠵᠦ᠂ ᠵᠣᠷᠢᠭᠰᠠᠨ ᠭᠠᠵᠠᠷ ᠲᠠᠭᠠᠨ ᠬᠦᠷᠦᠭᠰᠡᠨ ᠤ ᠳᠠᠷᠠᠭ᠎ᠠ ᠬᠠᠮᠤᠭ ᠲᠡᠷᠢᠭᠦᠨ ᠳᠤ ᠨᠡᠶᠢᠭᠡᠮ ᠲᠣᠭᠤᠷᠢᠭ ︵ᠲᠣᠰᠬᠤᠨ ᠭᠠᠴᠠᠭ᠎ᠠ︶᠂ ᠪᠠᠶᠢᠭᠤᠯᠭ᠎ᠠ ᠨᠢᠭᠡᠴᠡ ᠪᠤᠶᠤ ᠪᠠᠭᠤᠳᠠᠯ ᠳᠤ ᠪᠠᠨ ᠮᠡᠳᠡᠭᠦᠯᠦᠨ ᠳᠠᠩᠰᠠᠯᠠᠭᠤᠯᠤᠨ᠎ᠠ᠃      ᠭᠤᠷᠪᠠ᠂ ᠵᠠᠰᠠᠮᠠᠯ ᠵᠠᠮ ᠤᠨ ᠬᠢᠵᠢᠭ ᠤᠨ ᠪᠠᠶᠢᠳᠠᠯ ᠤᠨ ᠦᠢᠯᠡᠴᠢᠯᠡᠭᠡᠨ ᠤ ᠥᠷᠲᠡᠭᠡ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠵᠡᠷᠭᠡ ᠲᠠᠯᠠᠪᠤᠷ ᠤᠳ ᠪᠡᠶ᠎ᠡ ᠶᠢᠨ ᠳᠤᠯᠠᠭᠠᠨ ᠢ ᠬᠡᠮᠵᠢᠬᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠠᠷᠲ ᠪᠠ ︽ᠬᠦᠷᠴᠦ ᠰᠠᠭᠠᠲᠠᠭᠰᠠᠨ ᠭᠠᠵᠠᠷ ᠤᠨ ᠺᠣᠳ᠋︾ ᠢ ᠪᠠᠶᠢᠴᠠᠭᠠᠨ ᠦᠵᠡᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠦᠷᠴᠦ ᠰᠠᠭᠠᠲᠠᠭᠰᠠᠨ ᠭᠠᠵᠠᠷ︾ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠲᠦᠷᠭᠡᠨ ᠵᠠᠰᠠᠮᠠᠯ ᠵᠠᠮ ᠤᠨ ᠦᠢᠯᠡᠴᠢᠯᠡᠭᠡᠨ ᠤ ᠭᠠᠵᠠᠷ ᠨᠢ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ ᠵᠡᠷᠭᠡ ᠬᠢᠵᠢᠭ ᠢ ᠰᠡᠷᠭᠡᠶᠢᠯᠡᠬᠦ ᠲᠣᠭᠲᠠᠭᠠᠯ ᠢ ᠨᠠᠶᠢᠳᠠᠪᠤᠷᠢᠵᠢᠭᠤᠯᠬᠤ ᠬᠡᠷᠡᠭᠲᠡᠶ᠃      ᠲᠦᠷᠪᠡ᠂ ᠴᠢᠬᠤᠯᠠ ᠤᠴᠢᠷ ᠦᠭᠡᠢ ᠪᠣᠯ ᠲᠤᠮᠤ ᠬᠡᠯᠪᠡᠷᠢ ᠶᠢᠨ ᠬᠤᠷᠠᠯ᠂ ᠪᠣᠯᠪᠠᠰᠤᠷᠠᠯ᠂ ᠦᠵᠡᠭᠦᠯᠭᠡ᠂ ᠤᠷᠠᠨ ᠰᠠᠶᠢᠬᠠᠨ ᠤ ᠲᠣᠭᠯᠠᠯᠲᠠ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭᠠᠨ ᠢ ᠡᠷᠬᠢᠯᠡᠬᠦ ᠦᠭᠡᠢ᠃ ᠦᠨᠡᠨᠬᠦ ᠡᠷᠭᠢᠯᠡᠬᠦ ᠴᠢᠬᠤᠯᠠᠲᠠᠶ ᠪᠣᠯ᠂ ᠬᠠᠷᠢᠶ᠎ᠠ ᠭᠠᠵᠠᠷ ᠤᠨ ᠵᠢᠯᠣᠭᠤᠳᠬᠤ ᠭᠠᠵᠠᠷ ᠠᠴᠠ ᠴᠢᠩᠭ᠎ᠠ ᠬᠢᠨᠠᠨ ᠵᠥᠪᠰᠢᠶᠡᠷᠡᠵᠦ᠂ ᠬᠡᠪᠴᠢᠶ᠎ᠡ ᠶᠢ ᠨᠢ ᠪᠠᠭᠠᠰᠬᠠᠨ᠂ ᠬᠥᠮᠦᠨ ᠤ ᠲᠤᠭ᠎ᠠ ᠶᠢ ᠨᠢ ᠬᠢᠵᠠᠭᠠᠷᠯᠠᠵᠤ᠂ ᠰᠡᠷᠭᠡᠶᠢᠯᠡᠨ ᠡᠵᠡᠮᠳᠡᠬᠦ ᠲᠥᠰᠦᠯ ᠲᠣᠭᠲᠠᠭᠠᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯᠯᠠᠭᠠᠨ ᠳᠤ ᠣᠷᠣᠯᠴᠠᠭᠰᠠᠳ ᠢ ᠺᠣᠳ᠋ ᠰᠢᠷᠪᠢᠭᠦᠯᠦᠨ ᠳᠡᠩᠰᠡᠯᠡᠨ ᠲᠡᠮᠳᠡᠭᠯᠡᠵᠦ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠨᠢ ᠪᠠᠶᠢᠴᠠᠭᠠᠬᠤ ᠬᠡᠷᠡᠭᠲᠡᠶ᠃ ᠬᠤᠷᠢᠮ ᠪᠡᠯᠪᠡᠰᠦᠷᠡᠯ ᠤᠨ ᠠᠵᠢᠯᠯᠠᠭᠠᠨ ᠢ ᠳᠥᠭᠦᠮ ᠢᠶᠠᠷ ᠬᠢᠵᠦ᠂ ᠬᠥᠮᠦᠨ ᠤ ᠲᠤᠭ᠎ᠠ ᠶᠢ ᠠᠯᠢ ᠴᠢᠳᠠᠬᠤ ᠪᠠᠷ ᠪᠠᠭᠠᠰᠬᠠᠬᠤ ᠶᠢ ᠰᠠᠨᠠᠭᠠᠴᠢᠯᠠᠶ᠎ᠠ᠃      ᠲᠠᠪᠤ᠂ ᠬᠤᠳᠠᠯᠳᠤᠭ᠎ᠠ ᠬᠡᠲᠦ ᠳᠡᠯᠭᠡᠭᠦᠷ᠂ ᠲᠠᠷᠢᠶᠠᠯᠠᠩ ᠤᠨ ᠪᠥᠲᠦᠭᠡᠭᠳᠡᠬᠦᠨ ᠤ ︵ᠴᠤᠭᠯᠠᠭ᠎ᠠ︶ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠬᠤᠳᠠᠯᠳᠤᠭ᠎ᠠ᠂ ᠺᠢᠨᠣ᠋ ᠵᠦᠴᠦᠭᠡ ᠶᠢᠨ ᠲᠢᠶᠠᠲᠷ᠂ ᠤᠬᠢᠶᠠᠯᠭ᠎ᠠ ᠶᠢᠨ ᠭᠠᠵᠠᠷ᠂ ᠰᠦᠯᠵᠢᠶᠡᠨ ᠪᠠᠭᠠᠷ᠂ KTV ᠵᠡᠷᠭᠡ ᠲᠠᠯᠠᠪᠤᠷ ᠤᠳ ︽ᠲᠠᠯᠠᠪᠤᠷ ᠭᠠᠵᠠᠷ ᠤᠨ ᠺᠣᠳ᠋︾ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠦᠰ ᠢ ᠵᠠᠯᠠᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠴᠤᠭᠯᠠᠷᠠᠬᠤ ᠶᠢ ᠰᠡᠷᠭᠡᠶᠢᠯᠡᠬᠦ ᠬᠡᠷᠡᠭᠲᠡᠶ᠃      ᠵᠢᠷᠭᠤᠭ᠎ᠠ᠂ ᠡᠯ᠎ᠡ ᠲᠥᠷᠥᠯ ᠤᠨ ᠴᠡᠴᠡᠷᠯᠢᠭ᠂ ᠦᠵᠡᠮᠵᠢ ᠶᠢᠨ ᠣᠷᠣᠨ᠂ ᠦᠵᠡᠮᠵᠢ ᠶᠢᠨ ᠴᠡᠭ ᠲᠤ ︽ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ ︾ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠶᠠᠪᠤᠵᠤ ᠰᠠᠭᠤᠬᠤ ᠵᠠᠮ ᠱᠤᠭᠤᠮ ᠪᠠ ᠴᠠᠭ ᠬᠤᠭᠤᠴᠠᠭ᠎ᠠ ᠶᠢ ᠵᠣᠬᠢᠰᠲᠠᠶ ᠰᠣᠩᠭᠤᠭᠤᠯᠵᠤ᠂ ᠴᠠᠭ ᠬᠤᠭᠤᠴᠠᠭ᠎ᠠ ᠶᠢ ᠵᠥᠷᠢᠭᠦᠯᠦᠨ ᠶᠠᠪᠤᠵᠤ ᠰᠠᠭᠤᠬᠤ᠂ ᠠᠶᠠᠯᠠᠨ ᠵᠤᠭᠠᠴᠠᠬᠤ ᠶᠢ ᠪᠡᠶᠡᠯᠡᠭᠦᠯᠦᠨ᠂ ᠥᠪᠡᠷ ᠢᠶᠠᠨ ᠲᠡᠷᠭᠡ ᠵᠢᠯᠤᠭᠤᠳᠤᠨ ᠵᠤᠭᠠᠴᠠᠬᠤ ᠬᠥᠮᠦᠰ ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃ ᠵᠣᠴᠢᠳ ᠤᠨ ᠪᠠᠭᠤᠳᠠᠯ ᠳᠤ ᠬᠤᠨᠣᠬᠤ ᠪᠠ ᠵᠢᠭᠤᠯᠴᠢᠯᠠᠯ ᠤᠨ ᠣᠷᠣᠨ ᠳᠤ ᠣᠷᠣᠬᠤ ᠳᠤ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠬᠡᠷᠡᠭᠲᠡᠶ᠃      ᠲᠤᠯᠤᠭ᠎ᠠ᠂ ᠥᠷᠭᠡᠨ ᠤᠯᠠᠨ ᠬᠤᠳᠠ ᠶᠢᠨ ᠠᠷᠠᠳ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ ᠴᠤᠭᠯᠠᠷᠠᠬᠤ ᠵᠡᠷᠭᠡ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠬᠤ ᠬᠡᠷᠡᠭᠲᠡᠶ᠃ ᠬᠤᠪᠢ ᠬᠥᠮᠦᠨ ᠪᠠ ᠬᠡᠷ ᠤᠨ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠢ ᠨᠢᠭᠲᠠ ᠠᠩᠬᠠᠷᠴᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠂ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠳᠠᠷᠦ᠋ᠢᠬᠠᠨ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠶ᠂ ᠡᠮᠨᠡᠭᠦᠯᠬᠦ ᠵᠠᠮ ᠳᠠᠭᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠵᠤ ᠪᠣᠯᠬᠤ ᠥᠬᠡᠶ᠃      ᠨᠠᠢᠮᠠ᠂ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠬᠡᠷᠡᠭᠵᠢᠭᠦᠯᠦᠭᠰᠡᠨ ᠦᠭᠡᠢ᠂ ᠬᠤᠪᠢ ᠬᠥᠮᠦᠨ ᠤ ᠶᠠᠪᠤᠵᠤ ᠰᠠᠭᠤᠭᠰᠠᠨ ᠵᠠᠮ ᠮᠥᠷ ᠢᠶᠠᠨ ᠦᠨᠡᠨ ᠢᠶᠠᠷ ᠮᠡᠳᠡᠭᠦᠯᠦᠭᠰᠡᠨ ᠦᠭᠡᠢ ᠠᠴᠠ ᠪᠤᠯᠵᠦ ᠬᠢᠵᠢᠭ ᠲᠡᠯᠭᠡᠷᠡᠭᠦᠯᠬᠦ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠶ ᠨᠥᠯᠦᠭᠡ ᠭᠠᠷᠭᠠᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠢᠵᠢᠭ  ᠢ ᠰᠡᠷᠭᠡᠶᠢᠯᠡᠨ ᠡᠵᠡᠮᠳᠡᠬᠦ ᠲᠣᠭᠲᠠᠭᠠᠯ ᠠᠴᠠ ᠵᠦᠷᠢᠴᠡᠭᠰᠡᠨ ᠠᠵᠢᠯᠯᠠᠭᠠᠨ ᠢ ᠢᠯᠡᠴᠢᠯᠡᠨ ᠮᠡᠳᠡᠭᠦᠯᠬᠦ ᠶᠢ ᠥᠷᠭᠡᠨ ᠣᠯᠠᠨ ᠬᠤᠲᠠ ᠶᠢᠨ ᠠᠷᠠᠳ ᠲᠤ ᠬᠦᠰᠡᠵᠦ ᠪᠠᠶᠢᠬᠤ ᠮᠥᠷᠲᠡᠭᠡᠨ ᠬᠢᠨᠠᠨ ᠬᠠᠷᠭᠤᠭᠤᠯᠤᠭᠰᠠᠨ ᠤ ᠳᠠᠷᠠᠭ᠎ᠠ ᠵᠣᠬᠢᠬᠤ ᠱᠠᠩᠨᠠᠯ ᠣᠯᠭᠤᠨ᠎ᠠ᠃      ᠶᠢᠰᠦ᠂ ᠲᠣᠰ ᠵᠠᠷᠯᠠᠯ ᠤᠨ ᠠᠭᠤᠯᠭ᠎ᠠ ᠨᠢ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ︹ 2022 ︺ 56 ᠳ᠋ᠤᠭᠠᠷ ᠲᠣᠭᠠᠲᠤ ᠵᠠᠷᠯᠠᠯ ᠤᠨ ᠠᠭᠤᠯᠭ᠎ᠠ ᠲᠠᠢ ᠨᠢᠭᠡᠳᠦᠯ ᠥᠬᠡᠶ ᠪᠠᠶᠢᠪᠠᠯ᠂ ᠲᠣᠰ ᠵᠠᠷᠯᠠᠯ ᠢᠶᠠᠷ ᠪᠠᠷᠢᠮᠵᠢᠶ᠎ᠠ ᠪᠣᠯᠭᠠᠨ᠎ᠠ᠃      ᠥᠷᠭᠡᠨ ᠤᠯᠠᠨ ᠬᠤᠳᠠ ᠶᠢᠨ ᠠᠷᠠᠳ ᠨᠠᠷ ᠡ᠂ ᠬᠢᠵᠢᠭ ᠰᠡᠷᠭᠡᠶᠢᠯᠡᠨ ᠡᠵᠡᠮᠳᠡᠬᠦ ᠪᠣᠯ ᠨᠢᠭᠡ ᠤᠳᠠᠭᠠᠨ ᠤ ᠠᠷᠠᠳ ᠤᠨ ᠳᠠᠶᠢᠯᠠᠯᠳᠤᠭᠠᠨ ᠮᠥᠨ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠵᠤ᠂ ᠵᠣᠬᠢᠴᠠᠩᠭᠤᠶ ᠪᠠᠷ ᠠᠬᠢᠭᠤᠯᠬᠤ ᠴᠢᠬᠤᠯᠠᠲᠠᠶ ᠪᠦᠭᠡᠳ ᠬᠤᠳᠠ ᠶᠢᠨ ᠠᠷᠠᠳ ᠨᠢᠭᠡᠪᠦᠷᠢ ᠶᠢᠨ ᠣᠶᠢᠯᠠᠭᠠᠯᠲᠠ ᠪᠠ ᠳᠡᠮᠵᠢᠯᠭᠡ ᠶᠢ ᠱᠠᠭᠠᠷᠳᠠᠨ᠎ᠠ᠂ ᠪᠢᠳᠡ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠶ᠎ᠠ︕      ᠪᠥᠬᠦ ᠬᠤᠲᠠ ᠶᠢᠨ ᠠᠷᠠᠳ ᠤᠯᠤᠰ ᠤᠨ ᠪᠠᠶᠠᠷ ᠤᠨ ᠠᠮᠠᠷᠠᠯᠲᠠ ᠪᠠᠨ ᠪᠠᠶᠠᠷ ᠬᠥᠷ ᠲᠠᠢ᠂ ᠡᠷᠡᠭᠦᠯ ᠮᠡᠨᠳᠦ ᠠᠮᠤᠷ ᠲᠦᠪᠰᠢᠨ ᠥᠩᠭᠡᠷᠡᠭᠦᠯᠬᠦ ᠶᠢ ᠬᠦᠰᠡᠶ᠎ᠡ︕                                                    2022 ᠣᠨ ᠤ 9 ᠰᠠᠷ᠎ᠠ ᠶᠢᠨ 27
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ