ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/1/16
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ        ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                  ᠥᠪᠥᠷ ᠵᠠᠰᠠᠭ ᠠᠯᠪᠠᠨ ᠲᠠᠷᠬᠠᠭᠠᠭᠰᠠᠨ 〔2022〕 57 ᠳ᠋ᠤᠭᠠᠷ ᠲᠣᠭᠠᠲᠤ      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ       ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ       ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄            ︽ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ〔2018〕 34 ᠳ᠋ᠦ᠋ᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ  ᠶᠢ ᠲᠡᠩᠴᠡᠭᠦᠷᠢ ᠲᠠᠢ ᠪᠣᠯᠭᠠᠬᠤ ᠶᠢ ᠠᠬᠢᠭᠤᠯᠬᠤ ᠶᠢᠨ ᠲᠤᠰᠠᠳᠠ᠂ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ 〔 2015〕 67 ᠳ᠋ᠤᠭᠠᠷ ᠲᠣᠭᠠᠲᠤ︶᠂ ︽ᠰᠤᠷᠭᠠᠨ ᠬᠥᠮᠦᠵᠢᠯ ᠤᠨ ᠬᠦᠷᠢᠶ᠎ᠡ ᠴᠠᠷᠠᠭᠠᠨ ᠳᠠᠬᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ 〔2019〕 27 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠦᠴᠦᠯᠡᠨ ᠪᠠᠲᠤᠵᠢᠭᠤᠯᠵᠤ᠂ ᠡᠷᠬᠡ ᠲᠡᠭᠰᠢ ᠪᠠᠶᠢᠬᠤ ᠶᠢ ᠠᠬᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠡᠬᠢᠯᠡᠴᠡ ᠪᠠ ᠲᠤᠰᠤᠯᠲᠠ ᠪᠣᠯᠭᠠᠨ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠲᠡᠩᠴᠡᠭᠦᠷᠢ ᠲᠠᠢ ᠪᠣᠯᠭᠠᠬᠤ ᠶᠢ ᠤᠯᠠᠮ ᠨᠢᠭᠡ ᠠᠯᠬᠤᠮ ᠠᠬᠢᠭᠤᠯᠤᠨ᠎ᠠ᠃      ᠬᠤᠶᠠᠷ᠂ ᠭᠤᠣᠯ ᠠᠭᠤᠯᠭ᠎ᠠ      ︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠡᠯᠲᠦᠷᠢᠭᠦᠯᠵᠦ ᠬᠤᠶᠠᠷ ᠢ ᠨᠥᠬᠦᠪᠦᠷᠢᠯᠡᠬᠦ︾ ᠲᠥᠷᠥ ᠶᠢᠨ ᠪᠣᠳᠣᠯᠭ᠎ᠠ᠃      ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠡᠯᠲᠦᠷᠢᠭᠦᠯᠵᠦ ᠬᠤᠶᠠᠷ ᠢ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ︵ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢ ᠪᠠ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢ ᠳᠤ ᠠᠮᠢᠳᠤᠷᠠᠯ ᠤᠨ ᠵᠠᠷᠤᠳᠠᠯ ᠨᠥᠬᠦᠪᠦᠷᠢᠯᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠭ᠎ᠠ ᠰᠤᠷᠤᠭᠴᠢ ᠳᠤ ᠬᠤᠨᠤᠭ ᠤᠨ ᠵᠠᠷᠤᠳᠠᠯ ᠨᠥᠬᠦᠪᠦᠷᠢᠯᠡᠬᠦ︶᠎ ᠶᠢ ᠨᠢᠭᠡᠳᠦᠯᠲᠡᠢ ᠬᠡᠷᠡᠭᠵᠢᠭᠦᠯᠬᠦ ᠬᠡᠷᠡᠭᠲᠡᠢ᠃ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠨᠥᠬᠦᠪᠦᠷᠢᠯᠡᠬᠦ ᠪᠠᠷ ᠳᠠᠮᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ ᠤᠯᠤᠰ ᠠᠴᠠ ᠲᠣᠭᠲᠠᠭᠠᠭᠰᠠᠨ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠪᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠤᠷᠤᠭᠴᠢᠳ ᠲᠤ ᠵᠢᠩᠬᠢᠨᠢ ᠬᠡᠪᠯᠡᠯ ᠤᠨ ᠰᠤᠷᠤᠭᠴᠢ ᠶᠢᠨ ᠲᠣᠯᠢ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ ᠬᠡᠷᠡᠭᠰᠡᠬᠦ ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠢᠴᠢᠶᠡᠯ ᠳᠤ ᠬᠡᠷᠡᠭᠯᠡᠬᠦ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠪᠠ ᠦᠨᠳᠦᠰᠦᠲᠡᠨ ᠤ ᠬᠡᠯᠡ ᠪᠢᠴᠢᠭ ᠰᠤᠷᠴᠤ ᠪᠠᠶᠢᠭ᠎ᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠤᠷᠤᠭᠴᠢᠳ ᠲᠤ ᠵᠢᠩᠬᠢᠨᠢ ᠬᠡᠪᠯᠡᠯ ᠤᠨ ︽ᠰᠤᠷᠤᠭᠴᠢ ᠶᠢᠨ ᠮᠣᠩᠭᠤᠯ ᠬᠡᠯᠡᠨ ᠤ ᠲᠣᠯᠢ︾᠎ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ︔ ᠠᠶᠢᠮᠠᠭ ᠬᠤᠲᠠ ᠶᠢᠨ ᠲᠣᠭᠲᠠᠭᠠᠭᠰᠠᠨ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ ᠬᠡᠷᠡᠭᠰᠡᠬᠦ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ᠃       ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠦᠷᠢ᠃ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠰᠠᠭᠤᠭ᠎ᠠ ᠰᠤᠷᠤᠭᠴᠢ ᠶᠢ ᠥᠪᠡᠷᠲᠡᠭᠡᠨ ᠵᠠᠰᠠᠬᠤ ᠣᠷᠣᠨ ᠠᠴᠠ ᠪᠠᠶᠢᠷᠢ ᠳᠤ ᠰᠠᠭᠤᠭ᠎ᠠ ᠰᠤᠷᠤᠭᠴᠢ ᠶᠢᠨ 60 %᠎ ᠪᠠᠷ ᠲᠥᠰᠥᠭᠡᠯᠡᠨ ᠪᠣᠳᠣᠵᠤ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ  ᠥᠯᠥ ᠰᠠᠭᠤᠭ᠎ᠠ ᠰᠤᠷᠤᠭᠴᠢ ᠶᠢ ᠥᠪᠡᠷᠲᠡᠭᠡᠨ ᠵᠠᠰᠠᠬᠤ ᠣᠷᠣᠨ ᠠᠴᠠ ᠪᠠᠶᠢᠷᠢ ᠳᠤ ᠥᠯᠥ ᠰᠠᠭᠤᠭ᠎ᠠ ᠰᠤᠷᠤᠭᠴᠢ ᠶᠢᠨ 20 %᠎ ᠪᠠᠷ ᠲᠥᠰᠥᠭᠡᠯᠡᠨ ᠪᠣᠳᠣᠨ᠎ᠠ᠂ ᠡᠯ᠎ᠡ ᠠᠶᠢᠮᠠᠭ ᠬᠤᠲᠠ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠷᠭᠠᠭᠤᠯᠢ ᠬᠤᠪᠢᠶᠠᠵᠤ ᠪᠠᠶᠢᠭᠠᠳ ᠲᠥᠰᠥᠭᠡᠯᠡᠨ ᠪᠤᠳᠤᠬᠤ ᠬᠡᠷᠡᠭᠲᠡᠢ᠃ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠰᠠᠭᠤᠭ᠎ᠠ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 1000 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 1250 ᠲᠥᠭᠦᠷᠢᠭ ᠢᠶᠠᠷ ᠬᠡᠷᠡᠭᠵᠢᠭᠦᠯᠵᠦ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠥᠯᠥ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 500 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 625 ᠲᠥᠭᠦᠷᠢᠭ ᠢᠶᠠᠷ ᠬᠡᠷᠡᠭᠵᠢᠭᠦᠯᠬᠦ ᠬᠡᠷᠡᠭᠲᠡᠢ᠃ ᠬᠡᠷᠡᠭᠰᠡᠬᠦ ᠪᠡᠯᠡ ᠮᠥᠩᠭᠦ ᠶᠢ ᠲᠥᠪ ᠪᠠ ᠣᠷᠣᠨ ᠨᠤᠲᠤᠭ 5᠄ 5 ᠎ ᠶᠢᠨ ᠬᠠᠷᠢᠴᠠᠯ ᠢᠶᠠᠷ ᠬᠤᠪᠢᠳᠠᠨ ᠡᠭᠦᠷᠭᠡᠯᠡᠬᠦ ᠬᠡᠷᠡᠭᠲᠡᠢ᠃ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 50 % ᠎ ᠶᠢᠨ ᠬᠡᠰᠡᠭ ᠪᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠤᠷᠤᠭᠴᠢ ᠶᠢᠨ ᠬᠡᠷᠡᠭᠰᠡᠬᠦ ᠵᠠᠷᠤᠳᠠᠯ ᠪᠦᠬᠦᠨ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠵᠦ᠂ ᠪᠤᠰᠤᠳ ᠰᠤᠷᠤᠭᠴᠢᠳ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠬᠦ ᠬᠡᠷᠡᠭᠲᠡᠢ᠃ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 1350 ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 1620 ᠲᠥᠭᠦᠷᠢᠭ ᠢᠶᠠᠷ ᠬᠡᠷᠡᠭᠵᠢᠭᠦᠯᠵᠦ᠂ ᠬᠡᠷᠡᠭᠰᠡᠬᠦ ᠪᠡᠯᠡ ᠮᠥᠩᠭᠦᠨ ᠤ ᠲᠥᠪ ᠤᠨ ᠨᠥᠬᠦᠪᠦᠷᠢ ᠶᠢᠨ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ᠃ ᠪᠠᠶᠢᠷᠢ ᠳᠤ ᠰᠠᠭᠤᠭ᠎ᠠ ᠰᠤᠷᠤᠭᠴᠢ ᠶᠢᠨ ᠬᠤᠨᠤᠭ ᠤᠨ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠨᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 100 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 120 ᠲᠥᠭᠦᠷᠢᠭ ᠪᠠᠶᠢᠵᠤ᠂ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ᠃      ︵ᠬᠤᠶᠠᠷ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ᠃      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠲᠤ ᠲᠣᠭᠲᠠᠭᠠᠭᠰᠠᠨ ᠲᠤᠭ᠎ᠠ ᠨᠢ᠄ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 650 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 850 ᠲᠥᠭᠦᠷᠢᠭ ᠪᠣᠯᠣᠨ᠎ᠠ᠃ ᠡᠭᠦᠨ ᠤ ᠰᠠᠭᠤᠷᠢᠨ ᠳᠡᠭᠡᠷ᠎ᠡ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠳᠤ ᠪᠣᠯ ᠪᠠᠶᠢᠷᠢ ᠳᠤ ᠰᠠᠭᠤᠬᠤ ᠰᠣᠷᠣᠭᠴᠢ ᠨᠢᠭᠡᠪᠦᠷᠢ ᠳᠤ ᠵᠢᠯ ᠳᠤ ᠪᠠᠨ ᠳᠤᠮᠳᠠᠴᠢ ᠪᠠᠷ 200 ᠲᠥᠭᠦᠷᠢᠭ ᠤᠨ ᠪᠠᠷᠢᠮᠵᠢᠶ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢ ᠨᠢ ᠨᠡᠮᠡᠭᠳᠡᠭᠦᠯᠬᠦ ᠬᠡᠷᠡᠭᠲᠡᠢ︔ ᠲᠠᠷᠢᠶᠠᠯᠠᠬᠤ ᠮᠠᠯᠵᠢᠬᠤ ᠣᠷᠣᠨ ᠤ 100 ᠬᠥᠮᠥᠨ ᠬᠦᠷᠬᠦ ᠦᠭᠡᠢ ᠬᠡᠪᠴᠢᠶ᠎ᠡ ᠪᠠᠷ ᠨᠡᠯᠢᠶᠡᠳ ᠪᠠᠭ᠎ᠠ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢ 100 ᠬᠥᠮᠥᠨ ᠢᠶᠠᠷ ᠬᠠᠷᠭᠤᠭᠤᠯᠤᠨ ᠲᠣᠭᠲᠠᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠷᠣᠨᠨᠴᠢ ᠪᠠ ᠠᠩᠭᠢ ᠳᠠᠭᠠᠵᠤ ᠰᠤᠷᠤᠯᠴᠠᠵᠤ ᠪᠠᠶᠢᠭ᠎ᠠ ᠵᠡᠮᠳᠡᠭ ᠰᠤᠷᠤᠭᠴᠢ ᠨᠢᠭᠡᠪᠦᠷᠢ ᠳᠤ ᠵᠢᠯ ᠳᠤ ᠪᠠᠨ 6000 ᠲᠥᠭᠦᠷᠢᠭ ᠤᠨ ᠪᠠᠷᠢᠮᠵᠢᠶ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠣᠯᠭᠤᠬᠤ ᠬᠡᠷᠡᠭᠲᠡᠢ᠃ ᠥᠨᠳᠦᠷᠯᠢᠭ ᠬᠦᠢᠲᠡᠨ ᠣᠷᠣᠨ ︵ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ᠂ ᠮᠠᠨᠵᠤᠤᠷ ᠬᠤᠲᠠ᠂ ᠡᠷᠢᠶᠡᠨ ᠬᠤᠲᠠ︶ ᠪᠠ ᠪᠤᠰᠤᠳ ᠭᠠᠵᠠᠷ ᠣᠷᠣᠨ ᠳᠤ ᠲᠤᠰ ᠲᠤᠰ ᠰᠤᠷᠤᠭᠴᠢ ᠨᠢᠭᠡᠪᠦᠷᠢ ᠳᠤ ᠵᠢᠯ ᠳᠤ ᠪᠠᠨ ᠳᠤᠮᠳᠠᠴᠢ ᠪᠠᠷ 235 ᠲᠥᠭᠦᠷᠢᠭ ᠪᠠ 215 ᠲᠥᠭᠦᠷᠢᠭ  ᠢᠶᠠᠷ ᠳᠤᠯᠠᠭᠠᠯᠠᠭ᠎ᠠ ᠶᠢᠨ ᠵᠠᠷᠤᠳᠠᠯ ᠤᠨ ᠨᠥᠬᠦᠪᠦᠷᠢ ᠣᠯᠭᠤᠬᠤ ᠬᠡᠷᠡᠭᠲᠡᠢ᠃ ᠰᠤᠷᠤᠭᠴᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠲᠤ ᠲᠣᠭᠲᠠᠭᠠᠭᠰᠠᠨ ᠲᠤᠭ᠎ᠠ ᠪᠠ ᠳᠤᠯᠠᠭᠠᠯᠠᠭ᠎ᠠ ᠶᠢᠨ ᠵᠠᠷᠤᠳᠠᠯ ᠤᠨ ᠨᠥᠬᠦᠪᠦᠷᠢ ᠳᠤ ᠬᠡᠷᠡᠭᠰᠡᠬᠦ ᠪᠡᠯᠡ ᠮᠥᠩᠭᠦ ᠶᠢ ᠲᠥᠪ ᠪᠠ ᠣᠷᠣᠨ ᠨᠤᠲᠤᠭ 8᠄ 2 ᠎ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ 20 % ᠎ ᠶᠢᠨ ᠬᠡᠰᠡᠭ ᠢ ᠨᠢ ᠬᠤᠪᠢᠳᠠᠨ ᠡᠭᠦᠷᠭᠡᠯᠡᠨ᠎ᠡ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠬᠡᠷᠡᠭᠰᠡᠬᠦ ᠵᠠᠷᠤᠳᠠᠯ ᠪᠦᠬᠦᠨ ᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ ᠪᠤᠰᠤᠳ ᠰᠤᠷᠭᠠᠭᠤᠯᠢ ᠶᠢᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠬᠦ ᠬᠡᠷᠡᠭᠲᠡᠢ᠃       ᠲᠠᠷᠢᠶᠠᠯᠠᠬᠤ ᠮᠠᠯᠵᠢᠬᠤ ᠣᠷᠣᠨ᠂ ᠬᠢᠯᠢ ᠬᠢᠵᠠᠭᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠳᠣ ᠶᠢᠨ ᠬᠡᠷᠡᠭᠵᠢᠭᠦᠯᠵᠦ ᠪᠠᠶᠢᠭ᠎ᠠ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠨᠢ ᠰᠠᠭᠤᠷᠢ ᠪᠠᠷᠢᠮᠵᠢᠶᠠᠲᠤ ᠲᠣᠭᠲᠠᠭᠠᠭᠰᠠᠨ ᠲᠤᠭ᠎ᠠ ᠠᠴᠠ ᠳᠡᠭᠡᠭᠦᠷ ᠪᠠᠶᠢᠪᠠᠯ᠂ ᠲᠦᠪᠰᠢᠨ ᠢ ᠎ ᠨᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ᠂ ᠡᠯ᠎ᠡ ᠭᠠᠵᠠᠷ ᠣᠷᠣᠨ ᠪᠣᠳᠠᠲᠠᠢ ᠲᠠᠢ ᠪᠠᠨ ᠤᠶᠠᠯᠳᠤᠭᠤᠯᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠬᠤ ᠬᠡᠷᠡᠭᠲᠡᠢ᠃       ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠤᠷᠲᠤ ᠬᠤᠭᠤᠴᠠᠭᠠᠨ ᠤ ᠪᠦᠲᠦᠮᠵᠢᠲᠠᠢ ᠲᠣᠭᠲᠠᠴᠠ᠃      ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠵᠢᠴᠢ ᠲᠡᠭᠦᠨ ᠤ ᠳᠠᠭᠠᠯᠲᠠ ᠪᠡᠯᠡᠳᠬᠡᠮᠵᠢ ᠪᠠᠨ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ᠂ ᠭᠠᠵᠠᠷ ᠬᠥᠳᠡᠯᠦᠯᠲᠡ ᠶᠢ ᠳᠠᠭᠠᠭᠠᠯᠭᠠᠬᠤ ᠪᠠᠷ ᠪᠠᠬᠢᠵᠢᠭᠦᠯᠬᠦ᠂ ᠰᠢᠨᠡᠳᠬᠡᠵᠦ ᠥᠷᠭᠡᠳᠬᠡᠨ ᠪᠠᠶᠢᠭᠤᠯᠬᠤ ᠶᠢ ᠲᠡᠮᠵᠢᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ  ᠳᠤ ᠨᠥᠬᠦᠪᠦᠷᠢ ᠣᠯᠭᠤᠵᠤ᠂ ᠨᠥᠬᠦᠪᠦᠷᠢ ᠶᠢᠨ ᠪᠠᠷᠢᠮᠵᠢᠶ᠎ᠠ ᠶᠢ ᠤᠯᠤᠰ ᠤᠨ ᠨᠢᠭᠡᠳᠦᠯᠲᠡᠢ ᠪᠠᠷᠢᠮᠵᠢᠶ᠎ᠠ ᠪᠠᠷ ᠬᠡᠷᠡᠭᠵᠢᠭᠦᠯᠦᠨ᠂ ᠬᠡᠷᠡᠭᠰᠡᠬᠦ ᠪᠡᠯᠡ ᠮᠥᠩᠭᠦ ᠶᠢ ᠲᠥᠪ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ 8᠄ 2 ᠎ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠬᠦ ᠬᠡᠷᠡᠭᠲᠡᠢ᠃ ᠡᠯ᠎ᠡ ᠠᠶᠢᠮᠠᠭ ᠬᠤᠲᠠ ᠨᠢ ᠬᠤᠲᠠ ᠶᠢᠨ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠡᠷᠡᠭᠰᠡᠬᠦ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ᠃      ︵ᠳᠥᠷᠪᠡ︶ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠦᠷᠭᠦᠯᠵᠢᠯᠡᠨ ᠡᠩ ᠤᠨ ᠴᠢᠨᠠᠷᠲᠠᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠠᠶᠢᠮᠠᠭ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠤᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠳᠤ ᠳᠡᠮᠵᠢᠯᠭᠡ ᠦᠵᠡᠭᠦᠯᠬᠦ ᠬᠡᠷᠡᠭᠲᠡᠢ᠃ ᠠᠶᠢᠮᠠᠭ ᠬᠤᠲᠠ ᠶᠢᠨ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠢᠯᠵᠢᠭᠦᠯᠦᠨ ᠥᠭᠬᠦ ᠪᠠ ᠲᠣᠰ ᠱᠠᠲᠤᠨ ᠤ ᠡᠳ᠋ ᠤᠨ ᠬᠦᠴᠦᠨ ᠢ ᠨᠢᠭᠡᠳᠦᠯᠲᠡᠢ ᠲᠥᠯᠥᠪᠯᠡᠨ ᠬᠡᠷᠡᠭᠯᠡᠵᠦ ᠪᠠᠶᠢᠭᠠᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠢ ᠴᠠᠭ ᠲᠤᠬᠠᠢ ᠳᠤ ᠎ ᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠤᠤᠯ ᠤᠨ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ ᠭᠠᠵᠠᠷ ᠣᠷᠣᠨ ᠤ ᠬᠥᠳᠡᠭᠡ ᠲᠣᠰᠬᠤᠨ ᠤ ᠪᠠᠭᠰᠢ ᠳᠤ ᠦᠷᠭᠦᠯᠵᠢᠯᠡᠨ ᠠᠮᠢᠳᠤᠷᠠᠯ ᠤᠨ ᠨᠥᠬᠦᠪᠦᠷᠢ ᠣᠯᠭᠤᠵᠤ᠂ ᠨᠥᠬᠦᠪᠦᠷᠢ ᠶᠢᠨ ᠪᠠᠷᠢᠮᠵᠢᠶ᠎ᠠ ᠨᠢ ᠰᠤᠮᠤ ᠰᠢᠶᠠᠩ ᠪᠠᠯᠭᠠᠰᠤᠨ ᠤ ᠰᠤᠷᠭᠠᠭᠤᠯᠢ ᠶᠢᠨ ᠪᠠᠭᠰᠢ ᠪᠦᠷᠢ ᠳᠤ ᠰᠠᠷ᠎ᠠ ᠳᠤ ᠪᠠᠨ 300 ᠲᠥᠭᠦᠷᠢᠭ᠂ ᠲᠣᠰᠬᠤᠨ ᠤ ᠪᠠᠭ᠎ᠠ ᠰᠤᠷᠭᠠᠭᠤᠯᠢ ᠵᠢᠴᠢ ᠵᠢᠭᠠᠨ ᠰᠤᠷᠭᠠᠯᠲᠠ ᠶᠢᠨ ᠴᠡᠭ ᠤᠨ ᠪᠠᠭᠰᠢ ᠪᠦᠷᠢ ᠳᠤ ᠰᠠᠷ᠎ᠠ ᠳᠤ ᠪᠠᠨ 400 ᠲᠥᠭᠦᠷᠢᠭ ᠪᠠᠶᠢᠵᠤ᠂ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ᠃        ᠬᠤᠶᠢᠰᠢᠳᠠ ᠶᠢᠨ ᠣᠨ ᠵᠢᠯ ᠤᠳ ᠳᠤ᠂ ᠲᠥᠪ ᠤᠨ ᠲᠥᠷᠥ ᠶᠢᠨ ᠪᠣᠳᠣᠯᠭ᠎ᠠ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠪᠤᠴᠠ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠦᠨᠳᠦᠰᠦᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤ ᠨᠢ ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃      ᠭᠤᠷᠪᠠ᠂ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ      ︵ᠨᠢᠭᠡ︶ ᠬᠡᠷᠡᠭᠵᠢᠭᠦᠯᠬᠦ ᠬᠡᠪᠴᠢᠶ᠎ᠡ᠄ ᠪᠦᠬᠦ ᠣᠷᠣᠨ ᠤ ᠪᠤᠶ ᠪᠦᠬᠦᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ  ︵ᠠᠷᠠᠳ ᠠᠴᠠ ᠡᠷᠬᠢᠯᠡᠭᠰᠡᠨ‌‍ᠰᠤᠷᠭᠠᠭᠤᠯᠢ ᠪᠠᠭᠲᠠᠨ᠎ᠠ︶᠃      ︵ᠬᠤᠶᠠᠷ︶ ᠬᠡᠷᠡᠭᠵᠢᠭᠦᠯᠬᠦ ᠴᠠᠭ ᠬᠤᠭᠤᠴᠠᠭ᠎ᠠ᠄ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠬᠡᠷᠡᠭᠵᠢᠭᠦᠯᠦᠨ᠎ᠡ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠨᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠦᠨᠡᠨ ᠬᠦ ᠬᠡᠷᠡᠭᠵᠢᠭᠦᠯᠦᠭᠦᠰᠢᠲᠡᠢ ᠲᠥᠰᠥᠯ ᠢ ᠲᠣᠭᠲᠠᠭᠠᠬᠤ ᠬᠡᠷᠡᠭᠲᠡᠢ᠃      ︵ᠬᠤᠶᠠᠷ︶ ᠪᠡᠯᠡ ᠮᠥᠩᠭᠦᠨ ᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠷᠤᠳᠠᠯ ᠢ ᠬᠤᠪᠢᠳᠠᠨ ᠡᠭᠦᠷᠭᠡᠯᠡᠬᠦ ᠬᠠᠷᠢᠭᠤᠴᠠᠯᠭ᠎ᠠ ᠶᠢᠨ ᠶᠣᠰᠣᠭᠠᠷ ᠡᠭᠦᠷᠭᠡᠯᠡᠪᠡᠰᠦ ᠵᠣᠬᠢᠬᠤ ᠪᠡᠯᠡ ᠮᠥᠩᠭᠦ ᠶᠢ ᠲᠤᠭ᠎ᠠ ᠶᠣᠰᠣᠭᠠᠷ ᠨᠢ ᠭᠦᠢᠴᠡᠳ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠎ ᠤ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠪᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠢ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠨ᠂ ᠲᠥᠰᠥᠪ ᠢ ᠨᠠᠷᠢᠯᠢᠭᠵᠢᠭᠤᠯᠤᠨ ᠨᠠᠶᠢᠷᠠᠭᠤᠯᠤᠨ ᠵᠣᠬᠢᠶᠠᠵᠤ᠂ ᠲᠥᠰᠥᠪ ᠤᠨ ᠬᠡᠷᠡᠭᠵᠢᠭᠦᠯᠦᠯᠲᠡ ᠶᠢ ᠴᠢᠩᠳᠠᠯᠠᠵᠤ᠂ ᠲᠥᠰᠥᠪ ᠤᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠬᠡᠷᠡᠭᠲᠡᠢ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠤᠨ ᠂ ᠬᠠᠮᠢᠶᠠᠷᠤᠯᠲᠠ ᠶᠢᠨ ᠣᠨᠣᠯᠵᠢᠬᠤᠨ ᠳᠤ ᠰᠢᠨ᠎ᠡ ᠶᠢ ᠡᠭᠦᠳᠴᠦ᠂ ᠠᠮᠵᠢᠯᠲᠠ ᠪᠦᠲᠦᠮᠵᠢ ᠶᠢᠨ ᠲᠥᠰᠥᠪ ᠢ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠂ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃      ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠬᠠᠭᠤᠯᠬᠤ ᠠᠵᠢᠯ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢ ᠶᠢ ᠥᠷᠭᠡᠨ ᠢᠶᠠᠷ ᠠᠰᠢᠭᠯᠠᠨ᠂ ᠣᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ ᠪᠠᠶᠢᠭᠠᠳ ᠨᠡᠶᠢᠭᠡᠮ ᠳᠤ ᠭᠦᠨᠵᠡᠭᠡᠢ ᠤᠬᠠᠭᠤᠯᠤᠨ᠂ ᠨᠠᠮ ᠪᠠ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠵᠦ᠂ ᠬᠥᠮᠥᠰ ᠤᠨ ᠰᠡᠳᠬᠢᠯ ᠳᠤ ᠬᠠᠳᠠᠩᠰᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠲᠤᠰ ᠮᠡᠳᠡᠭᠳᠡᠯ ᠢ 2022 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔 2016 〕 32 ᠳ᠋ᠤᠭᠠᠷ ᠲᠣᠭᠠᠲᠤ︶᠎ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃      2022 ᠣᠨ ᠤ 8 ᠳ᠋ᠤᠭᠠᠷ ᠰᠠᠷ᠎ᠠ ᠶᠢᠨ 1᠎ ᠤ ᠡᠳᠦᠷ      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ -- -- -- -- -- -- -- -- -- -- -- -- -- -- --      ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂       ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠳᠣᠷᠣ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ  ᠪᠠᠶᠢᠴᠠᠭᠠᠬᠤ ᠵᠥᠪᠯᠡᠯ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃  -- -- -- -- -- -- -- -- -- -- -- -- -- -- --         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                             2022 ᠣᠨ ᠤ 8 ᠳ᠋ᠤᠭᠠᠷ ᠰᠠᠷ᠎ᠠ ᠶᠢᠨ 1 ᠎ ᠤ ᠡᠳᠦᠷ ᠳᠠᠷᠤᠮᠠᠯᠯᠠᠨ ᠲᠠᠷᠬᠠᠭᠠᠪᠠ  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ