| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ 〔2022〕 57 ᠳ᠋ᠤᠭᠠᠷ ᠲᠣᠭᠠᠲᠤ | | | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ | ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄ | ︽ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ〔2018〕 34 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ | ᠶᠢ ᠲᠡᠩᠴᠡᠭᠦᠷᠢ ᠲᠠᠢ ᠪᠣᠯᠭᠠᠬᠤ ᠶᠢ ᠠᠬᠢᠭᠤᠯᠬᠤ ᠶᠢᠨ ᠲᠤᠰᠠᠳᠠ᠂ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ | ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ | 〔 2015〕 67 ᠳ᠋ᠤᠭᠠᠷ ᠲᠣᠭᠠᠲᠤ︶᠂ ︽ᠰᠤᠷᠭᠠᠨ ᠬᠥᠮᠦᠵᠢᠯ ᠤᠨ ᠬᠦᠷᠢᠶ᠎ᠡ ᠴᠠᠷᠠᠭᠠᠨ ᠳᠠᠬᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ 〔2019〕 27 ᠳ᠋ᠤᠭᠠᠷ ᠲᠣᠭᠠᠲᠤ︶ ᠵᠡᠷᠭᠡ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠬᠤᠯᠪᠣᠭᠳᠠᠯ ᠪᠦᠬᠦᠢ | ᠤᠴᠢᠷ ᠢ ᠳᠣᠣᠷᠠᠬᠢ ᠮᠡᠲᠦ ᠮᠡᠳᠡᠭᠳᠡᠪᠡ᠃ | | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠦᠴᠦᠯᠡᠨ | ᠪᠠᠲᠤᠵᠢᠭᠤᠯᠵᠤ᠂ ᠡᠷᠬᠡ ᠲᠡᠭᠰᠢ ᠪᠠᠶᠢᠬᠤ ᠶᠢ ᠠᠬᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠡᠬᠢᠯᠡᠴᠡ ᠪᠠ ᠲᠤᠰᠤᠯᠲᠠ ᠪᠣᠯᠭᠠᠨ᠂ ᠬᠤᠲᠠ ᠬᠥᠳᠡᠭᠡ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ᠂ ᠬᠤᠲᠠ | ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ ᠦᠨᠳᠦᠰᠦᠨ | ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠲᠡᠩᠴᠡᠭᠦᠷᠢ ᠲᠠᠢ ᠪᠣᠯᠭᠠᠬᠤ ᠶᠢ ᠤᠯᠠᠮ ᠨᠢᠭᠡ ᠠᠯᠬᠤᠮ ᠠᠬᠢᠭᠤᠯᠤᠨ᠎ᠠ᠃ | | ᠬᠤᠶᠠᠷ᠂ ᠭᠤᠣᠯ ᠠᠭᠤᠯᠭ᠎ᠠ | ︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠡᠯᠲᠦᠷᠢᠭᠦᠯᠵᠦ ᠬᠤᠶᠠᠷ ᠢ ᠨᠥᠬᠦᠪᠦᠷᠢᠯᠡᠬᠦ︾ ᠲᠥᠷᠥ ᠶᠢᠨ ᠪᠣᠳᠣᠯᠭ᠎ᠠ᠃ | ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠡᠯᠲᠦᠷᠢᠭᠦᠯᠵᠦ ᠬᠤᠶᠠᠷ ᠢ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ︵ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ ᠪᠠᠷ ᠰᠤᠷᠬᠤ | ᠪᠢᠴᠢᠭ ᠬᠠᠩᠭᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢ ᠪᠠ ᠣᠨᠴᠠᠭᠠᠢ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢ ᠳᠤ ᠠᠮᠢᠳᠤᠷᠠᠯ ᠤᠨ ᠵᠠᠷᠤᠳᠠᠯ ᠨᠥᠬᠦᠪᠦᠷᠢᠯᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠶᠢᠷᠢ ᠳᠤ ᠰᠠᠭᠤᠭ᠎ᠠ ᠰᠤᠷᠤᠭᠴᠢ ᠳᠤ ᠬᠤᠨᠤᠭ ᠤᠨ ᠵᠠᠷᠤᠳᠠᠯ ᠨᠥᠬᠦᠪᠦᠷᠢᠯᠡᠬᠦ︶ ᠶᠢ ᠨᠢᠭᠡᠳᠦᠯᠲᠡᠢ ᠬᠡᠷᠡᠭᠵᠢᠭᠦᠯᠬᠦ ᠬᠡᠷᠡᠭᠲᠡᠢ᠃ ᠰᠤᠷᠤᠯᠭ᠎ᠠ ᠶᠢᠨ ᠰᠤᠯᠠ ᠵᠠᠷᠤᠳᠠᠯ ᠢ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠨᠥᠬᠦᠪᠦᠷᠢᠯᠡᠬᠦ ᠪᠠᠷ ᠳᠠᠮᠵᠢᠭᠤᠯᠤᠨ ᠨᠠᠶᠢᠳᠠᠪᠤᠷᠢᠵᠢᠭᠤᠯᠬᠤ | ᠬᠡᠷᠡᠭᠲᠡᠢ︔ ᠤᠯᠤᠰ ᠠᠴᠠ ᠲᠣᠭᠲᠠᠭᠠᠭᠰᠠᠨ ᠰᠤᠷᠬᠤ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠪᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ | ᠰᠢᠨ᠎ᠡ ᠰᠤᠷᠤᠭᠴᠢᠳ ᠲᠤ ᠵᠢᠩᠬᠢᠨᠢ ᠬᠡᠪᠯᠡᠯ ᠤᠨ ᠰᠤᠷᠤᠭᠴᠢ ᠶᠢᠨ ᠲᠣᠯᠢ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ ᠬᠡᠷᠡᠭᠰᠡᠬᠦ ᠪᠡᠯᠡ ᠮᠥᠩᠭᠦ ᠶᠢ | ᠲᠥᠪ ᠤᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠢᠴᠢᠶᠡᠯ ᠳᠤ ᠬᠡᠷᠡᠭᠯᠡᠬᠦ ᠰᠤᠷᠬᠤ ᠪᠢᠴᠢᠭ ᠢ | ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠪᠠ ᠦᠨᠳᠦᠰᠦᠲᠡᠨ ᠤ ᠬᠡᠯᠡ ᠪᠢᠴᠢᠭ ᠰᠤᠷᠴᠤ ᠪᠠᠶᠢᠭ᠎ᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ | ᠰᠤᠷᠤᠭᠴᠢᠳ ᠲᠤ ᠵᠢᠩᠬᠢᠨᠢ ᠬᠡᠪᠯᠡᠯ ᠤᠨ ︽ᠰᠤᠷᠤᠭᠴᠢ ᠶᠢᠨ ᠮᠣᠩᠭᠤᠯ ᠬᠡᠯᠡᠨ ᠤ ᠲᠣᠯᠢ︾ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ ᠬᠡᠷᠡᠭᠰᠡᠬᠦ ᠪᠡᠯᠡ | ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ︔ ᠠᠶᠢᠮᠠᠭ ᠬᠤᠲᠠ ᠶᠢᠨ ᠲᠣᠭᠲᠠᠭᠠᠭᠰᠠᠨ ᠰᠤᠷᠬᠤ ᠪᠢᠴᠢᠭ ᠢ | ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠳᠤ ᠬᠡᠷᠡᠭᠰᠡᠬᠦ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠦᠷᠢ | ᠃ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠰᠠᠭᠤᠭ᠎ᠠ ᠰᠤᠷᠤᠭᠴᠢ ᠶᠢ ᠥᠪᠡᠷᠲᠡᠭᠡᠨ ᠵᠠᠰᠠᠬᠤ ᠣᠷᠣᠨ ᠠᠴᠠ ᠪᠠᠶᠢᠷᠢ ᠳᠤ ᠰᠠᠭᠤᠭ᠎ᠠ | ᠰᠤᠷᠤᠭᠴᠢ ᠶᠢᠨ 60 % ᠪᠠᠷ ᠲᠥᠰᠥᠭᠡᠯᠡᠨ ᠪᠣᠳᠣᠵᠤ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠥᠯᠥ ᠰᠠᠭᠤᠭ᠎ᠠ ᠰᠤᠷᠤᠭᠴᠢ ᠶᠢ | ᠥᠪᠡᠷᠲᠡᠭᠡᠨ ᠵᠠᠰᠠᠬᠤ ᠣᠷᠣᠨ ᠠᠴᠠ ᠪᠠᠶᠢᠷᠢ ᠳᠤ ᠥᠯᠥ ᠰᠠᠭᠤᠭ᠎ᠠ ᠰᠤᠷᠤᠭᠴᠢ ᠶᠢᠨ 20 % ᠪᠠᠷ ᠲᠥᠰᠥᠭᠡᠯᠡᠨ ᠪᠣᠳᠣᠨ᠎ᠠ᠂ ᠡᠯ᠎ᠡ ᠠᠶᠢᠮᠠᠭ ᠬᠤᠲᠠ ᠨᠢ ᠪᠣᠳᠠᠲᠤ | ᠪᠠᠶᠢᠳᠠᠯ ᠢᠶᠠᠨ ᠦᠨᠳᠦᠰᠦᠯᠡᠨ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠷᠭᠠᠭᠤᠯᠢ ᠬᠤᠪᠢᠶᠠᠵᠤ ᠪᠠᠶᠢᠭᠠᠳ ᠲᠥᠰᠥᠭᠡᠯᠡᠨ ᠪᠤᠳᠤᠬᠤ ᠬᠡᠷᠡᠭᠲᠡᠢ᠃ ᠭᠡᠷ | ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠰᠠᠭᠤᠭ᠎ᠠ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠰᠤᠷᠤᠭᠴᠢ | ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 1000 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 1250 ᠲᠥᠭᠦᠷᠢᠭ ᠢᠶᠠᠷ | ᠬᠡᠷᠡᠭᠵᠢᠭᠦᠯᠵᠦ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠠᠶᠢᠷᠢ ᠳᠤ ᠥᠯᠥ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ | ᠨᠥᠬᠦᠪᠦᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 500 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ ᠪᠣᠯ 625 ᠲᠥᠭᠦᠷᠢᠭ ᠢᠶᠠᠷ ᠬᠡᠷᠡᠭᠵᠢᠭᠦᠯᠬᠦ ᠬᠡᠷᠡᠭᠲᠡᠢ᠃ ᠬᠡᠷᠡᠭᠰᠡᠬᠦ ᠪᠡᠯᠡ ᠮᠥᠩᠭᠦ ᠶᠢ ᠲᠥᠪ ᠪᠠ ᠣᠷᠣᠨ ᠨᠤᠲᠤᠭ 5᠄ 5 ᠶᠢᠨ ᠬᠠᠷᠢᠴᠠᠯ ᠢᠶᠠᠷ | ᠬᠤᠪᠢᠳᠠᠨ ᠡᠭᠦᠷᠭᠡᠯᠡᠬᠦ ᠬᠡᠷᠡᠭᠲᠡᠢ᠃ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 50 % ᠶᠢᠨ ᠬᠡᠰᠡᠭ ᠪᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠰᠤᠷᠭᠠᠭᠤᠯᠢ ᠶᠢᠨ ᠰᠤᠷᠤᠭᠴᠢ ᠶᠢᠨ ᠬᠡᠷᠡᠭᠰᠡᠬᠦ ᠵᠠᠷᠤᠳᠠᠯ ᠪᠦᠬᠦᠨ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠳᠠᠭᠠᠭᠠᠨ | ᠡᠭᠦᠷᠭᠡᠯᠡᠵᠦ᠂ ᠪᠤᠰᠤᠳ ᠰᠤᠷᠤᠭᠴᠢᠳ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠬᠦ ᠬᠡᠷᠡᠭᠲᠡᠢ᠃ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ | ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 1350 | ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 1620 ᠲᠥᠭᠦᠷᠢᠭ ᠢᠶᠠᠷ ᠬᠡᠷᠡᠭᠵᠢᠭᠦᠯᠵᠦ᠂ ᠬᠡᠷᠡᠭᠰᠡᠬᠦ ᠪᠡᠯᠡ ᠮᠥᠩᠭᠦᠨ ᠤ ᠲᠥᠪ ᠤᠨ | ᠨᠥᠬᠦᠪᠦᠷᠢ ᠶᠢᠨ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ | ᠬᠡᠷᠡᠭᠲᠡᠢ᠃ ᠪᠠᠶᠢᠷᠢ ᠳᠤ ᠰᠠᠭᠤᠭ᠎ᠠ ᠰᠤᠷᠤᠭᠴᠢ ᠶᠢᠨ ᠬᠤᠨᠤᠭ ᠤᠨ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠨᠢ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ | ᠰᠤᠷᠭᠠᠭᠤᠯᠢ ᠳᠤ ᠪᠣᠯ 100 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠪᠣᠯ 120 ᠲᠥᠭᠦᠷᠢᠭ ᠪᠠᠶᠢᠵᠤ᠂ ᠬᠡᠷᠡᠭᠰᠡᠬᠦ ᠪᠡᠯᠡ ᠮᠥᠩᠭᠦ ᠶᠢ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ᠃ | ︵ᠬᠤᠶᠠᠷ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠲᠥᠷᠥ ᠶᠢᠨ | ᠪᠣᠳᠣᠯᠭ᠎ᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ | ᠪᠠᠷᠢᠮᠵᠢᠶᠠᠲᠤ ᠲᠣᠭᠲᠠᠭᠠᠭᠰᠠᠨ ᠲᠤᠭ᠎ᠠ ᠨᠢ᠄ ᠰᠤᠷᠤᠭᠴᠢ ᠨᠢᠭᠡᠪᠦᠷᠢ ᠳᠤ ᠵᠢᠯ ᠳᠤ ᠪᠠᠨ ᠪᠠᠭ᠎ᠠ ᠰᠤᠷᠭᠠᠭᠤᠯᠢ ᠳᠤ ᠪᠣᠯ 650 ᠲᠥᠭᠦᠷᠢᠭ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠳᠤ ᠪᠣᠯ 850 ᠲᠥᠭᠦᠷᠢᠭ ᠪᠣᠯᠣᠨ᠎ᠠ᠃ ᠡᠭᠦᠨ ᠤ ᠰᠠᠭᠤᠷᠢᠨ ᠳᠡᠭᠡᠷ᠎ᠡ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠳᠤ ᠪᠣᠯ | ᠪᠠᠶᠢᠷᠢ ᠳᠤ ᠰᠠᠭᠤᠬᠤ ᠰᠣᠷᠣᠭᠴᠢ ᠨᠢᠭᠡᠪᠦᠷᠢ ᠳᠤ ᠵᠢᠯ ᠳᠤ ᠪᠠᠨ ᠳᠤᠮᠳᠠᠴᠢ ᠪᠠᠷ 200 ᠲᠥᠭᠦᠷᠢᠭ ᠤᠨ ᠪᠠᠷᠢᠮᠵᠢᠶ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ | ᠨᠥᠬᠦᠪᠦᠷᠢ ᠶᠢ ᠨᠢ ᠨᠡᠮᠡᠭᠳᠡᠭᠦᠯᠬᠦ ᠬᠡᠷᠡᠭᠲᠡᠢ︔ ᠲᠠᠷᠢᠶᠠᠯᠠᠬᠤ ᠮᠠᠯᠵᠢᠬᠤ ᠣᠷᠣᠨ ᠤ 100 ᠬᠥᠮᠥᠨ ᠬᠦᠷᠬᠦ ᠦᠭᠡᠢ ᠬᠡᠪᠴᠢᠶ᠎ᠡ ᠪᠠᠷ ᠨᠡᠯᠢᠶᠡᠳ ᠪᠠᠭ᠎ᠠ ᠰᠤᠷᠭᠠᠭᠤᠯᠢ ᠶᠢᠨ | ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢ 100 ᠬᠥᠮᠥᠨ ᠢᠶᠠᠷ ᠬᠠᠷᠭᠤᠭᠤᠯᠤᠨ ᠲᠣᠭᠲᠠᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ︔ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠷᠣᠨᠨᠴᠢ ᠪᠠ ᠠᠩᠭᠢ ᠳᠠᠭᠠᠵᠤ ᠰᠤᠷᠤᠯᠴᠠᠵᠤ ᠪᠠᠶᠢᠭ᠎ᠠ ᠵᠡᠮᠳᠡᠭ | ᠰᠤᠷᠤᠭᠴᠢ ᠨᠢᠭᠡᠪᠦᠷᠢ ᠳᠤ ᠵᠢᠯ ᠳᠤ ᠪᠠᠨ 6000 ᠲᠥᠭᠦᠷᠢᠭ ᠤᠨ ᠪᠠᠷᠢᠮᠵᠢᠶ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠣᠯᠭᠤᠬᠤ ᠬᠡᠷᠡᠭᠲᠡᠢ᠃ | ᠥᠨᠳᠦᠷᠯᠢᠭ ᠬᠦᠢᠲᠡᠨ ᠣᠷᠣᠨ ︵ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ᠂ ᠮᠠᠨᠵᠤᠤᠷ ᠬᠤᠲᠠ᠂ ᠡᠷᠢᠶᠡᠨ ᠬᠤᠲᠠ︶ ᠪᠠ | ᠪᠤᠰᠤᠳ ᠭᠠᠵᠠᠷ ᠣᠷᠣᠨ ᠳᠤ ᠲᠤᠰ ᠲᠤᠰ ᠰᠤᠷᠤᠭᠴᠢ ᠨᠢᠭᠡᠪᠦᠷᠢ ᠳᠤ ᠵᠢᠯ ᠳᠤ ᠪᠠᠨ ᠳᠤᠮᠳᠠᠴᠢ ᠪᠠᠷ 235 ᠲᠥᠭᠦᠷᠢᠭ ᠪᠠ 215 ᠲᠥᠭᠦᠷᠢᠭ ᠢᠶᠠᠷ | ᠳᠤᠯᠠᠭᠠᠯᠠᠭ᠎ᠠ ᠶᠢᠨ ᠵᠠᠷᠤᠳᠠᠯ ᠤᠨ ᠨᠥᠬᠦᠪᠦᠷᠢ ᠣᠯᠭᠤᠬᠤ ᠬᠡᠷᠡᠭᠲᠡᠢ᠃ ᠰᠤᠷᠤᠭᠴᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠲᠤ | ᠲᠣᠭᠲᠠᠭᠠᠭᠰᠠᠨ ᠲᠤᠭ᠎ᠠ ᠪᠠ ᠳᠤᠯᠠᠭᠠᠯᠠᠭ᠎ᠠ ᠶᠢᠨ ᠵᠠᠷᠤᠳᠠᠯ ᠤᠨ ᠨᠥᠬᠦᠪᠦᠷᠢ ᠳᠤ ᠬᠡᠷᠡᠭᠰᠡᠬᠦ ᠪᠡᠯᠡ ᠮᠥᠩᠭᠦ ᠶᠢ ᠲᠥᠪ ᠪᠠ ᠣᠷᠣᠨ ᠨᠤᠲᠤᠭ 8᠄ 2 ᠤᠨ | ᠬᠠᠷᠢᠴᠠᠯ ᠢᠶᠠᠷ ᠬᠤᠪᠢᠳᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ 20 % ᠶᠢᠨ ᠬᠡᠰᠡᠭ ᠢ ᠨᠢ ᠬᠤᠪᠢᠳᠠᠨ ᠡᠭᠦᠷᠭᠡᠯᠡᠨ᠎ᠡ᠂ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠰᠤᠷᠭᠠᠭᠤᠯᠢ ᠶᠢᠨ ᠬᠡᠷᠡᠭᠰᠡᠬᠦ ᠵᠠᠷᠤᠳᠠᠯ ᠪᠦᠬᠦᠨ ᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ | ᠪᠤᠰᠤᠳ ᠰᠤᠷᠭᠠᠭᠤᠯᠢ ᠶᠢᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ | ᠶᠣᠰᠣᠭᠠᠷ ᠬᠤᠪᠢᠳᠠᠨ ᠡᠭᠦᠷᠭᠡᠯᠡᠬᠦ ᠬᠡᠷᠡᠭᠲᠡᠢ᠃ | ᠲᠠᠷᠢᠶᠠᠯᠠᠬᠤ ᠮᠠᠯᠵᠢᠬᠤ ᠣᠷᠣᠨ᠂ ᠬᠢᠯᠢ ᠬᠢᠵᠠᠭᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠣᠳᠣ ᠶᠢᠨ | ᠬᠡᠷᠡᠭᠵᠢᠭᠦᠯᠵᠦ ᠪᠠᠶᠢᠭ᠎ᠠ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠨᠢ ᠰᠠᠭᠤᠷᠢ ᠪᠠᠷᠢᠮᠵᠢᠶᠠᠲᠤ ᠲᠣᠭᠲᠠᠭᠠᠭᠰᠠᠨ ᠲᠤᠭ᠎ᠠ ᠠᠴᠠ ᠳᠡᠭᠡᠭᠦᠷ | ᠪᠠᠶᠢᠪᠠᠯ᠂ ᠲᠦᠪᠰᠢᠨ ᠢ ᠨᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ᠂ ᠡᠯ᠎ᠡ ᠭᠠᠵᠠᠷ ᠣᠷᠣᠨ ᠪᠣᠳᠠᠲᠠᠢ ᠲᠠᠢ ᠪᠠᠨ ᠤᠶᠠᠯᠳᠤᠭᠤᠯᠤᠨ | ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠬᠤ ᠬᠡᠷᠡᠭᠲᠡᠢ᠃ | ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠤᠷᠲᠤ | ᠬᠤᠭᠤᠴᠠᠭᠠᠨ ᠤ ᠪᠦᠲᠦᠮᠵᠢᠲᠠᠢ ᠲᠣᠭᠲᠠᠴᠠ᠃ | ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠵᠢᠴᠢ ᠲᠡᠭᠦᠨ ᠤ ᠳᠠᠭᠠᠯᠲᠠ ᠪᠡᠯᠡᠳᠬᠡᠮᠵᠢ ᠪᠠᠨ ᠰᠡᠯᠪᠢᠨ | ᠵᠠᠰᠠᠵᠤ ᠥᠭᠡᠷᠡᠴᠢᠯᠡᠨ ᠰᠢᠨᠡᠳᠬᠡᠬᠦ᠂ ᠭᠠᠵᠠᠷ ᠬᠥᠳᠡᠯᠦᠯᠲᠡ ᠶᠢ ᠳᠠᠭᠠᠭᠠᠯᠭᠠᠬᠤ ᠪᠠᠷ ᠪᠠᠬᠢᠵᠢᠭᠦᠯᠬᠦ᠂ ᠰᠢᠨᠡᠳᠬᠡᠵᠦ ᠥᠷᠭᠡᠳᠬᠡᠨ ᠪᠠᠶᠢᠭᠤᠯᠬᠤ ᠶᠢ ᠲᠡᠮᠵᠢᠬᠦ ᠬᠡᠷᠡᠭᠲᠡᠢ᠃ | ᠲᠠᠷᠢᠶᠠᠯᠠᠬᠤ ᠮᠠᠯᠵᠢᠬᠤ ᠣᠷᠣᠨ ᠤ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠤ | ᠥᠭᠡᠷᠡᠴᠢᠯᠡᠨ ᠰᠢᠨᠡᠳᠬᠡᠬᠦ ᠳᠤ ᠨᠥᠬᠦᠪᠦᠷᠢ ᠣᠯᠭᠤᠵᠤ᠂ ᠨᠥᠬᠦᠪᠦᠷᠢ ᠶᠢᠨ ᠪᠠᠷᠢᠮᠵᠢᠶ᠎ᠠ ᠶᠢ ᠤᠯᠤᠰ ᠤᠨ ᠨᠢᠭᠡᠳᠦᠯᠲᠡᠢ ᠪᠠᠷᠢᠮᠵᠢᠶ᠎ᠠ ᠪᠠᠷ ᠬᠡᠷᠡᠭᠵᠢᠭᠦᠯᠦᠨ᠂ ᠬᠡᠷᠡᠭᠰᠡᠬᠦ | ᠪᠡᠯᠡ ᠮᠥᠩᠭᠦ ᠶᠢ ᠲᠥᠪ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠬᠦ ᠬᠡᠷᠡᠭᠲᠡᠢ᠃ | ᠡᠯ᠎ᠡ ᠠᠶᠢᠮᠠᠭ ᠬᠤᠲᠠ ᠨᠢ ᠬᠤᠲᠠ ᠶᠢᠨ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢᠨ ᠠᠮᠤᠷ | ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠡᠷᠡᠭᠰᠡᠬᠦ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ | ᠬᠡᠷᠡᠭᠲᠡᠢ᠃ | ︵ᠳᠥᠷᠪᠡ︶ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠢ ᠲᠤᠭ᠎ᠠ ᠶᠣᠰᠣᠭᠠᠷ ᠭᠦᠢᠴᠡᠳ ᠣᠯᠭᠤᠬᠤ ᠶᠢ | ᠦᠨᠡᠨ ᠬᠦ ᠪᠠᠲᠤᠯᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠦᠷᠭᠦᠯᠵᠢᠯᠡᠨ ᠡᠩ ᠤᠨ ᠴᠢᠨᠠᠷᠲᠠᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠠᠶᠢᠮᠠᠭ ᠬᠤᠲᠠ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠤᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠳᠤ ᠳᠡᠮᠵᠢᠯᠭᠡ ᠦᠵᠡᠭᠦᠯᠬᠦ ᠬᠡᠷᠡᠭᠲᠡᠢ᠃ ᠠᠶᠢᠮᠠᠭ | ᠬᠤᠲᠠ ᠶᠢᠨ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠢᠯᠵᠢᠭᠦᠯᠦᠨ ᠥᠭᠬᠦ ᠪᠠ ᠲᠣᠰ ᠱᠠᠲᠤᠨ ᠤ ᠡᠳ᠋ ᠤᠨ ᠬᠦᠴᠦᠨ ᠢ ᠨᠢᠭᠡᠳᠦᠯᠲᠡᠢ | ᠲᠥᠯᠥᠪᠯᠡᠨ ᠬᠡᠷᠡᠭᠯᠡᠵᠦ ᠪᠠᠶᠢᠭᠠᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ | ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠤᠤᠯ ᠤᠨ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ ᠭᠠᠵᠠᠷ | ᠣᠷᠣᠨ ᠤ ᠬᠥᠳᠡᠭᠡ ᠲᠣᠰᠬᠤᠨ ᠤ ᠪᠠᠭᠰᠢ ᠳᠤ ᠦᠷᠭᠦᠯᠵᠢᠯᠡᠨ ᠠᠮᠢᠳᠤᠷᠠᠯ ᠤᠨ ᠨᠥᠬᠦᠪᠦᠷᠢ ᠣᠯᠭᠤᠵᠤ᠂ ᠨᠥᠬᠦᠪᠦᠷᠢ ᠶᠢᠨ ᠪᠠᠷᠢᠮᠵᠢᠶ᠎ᠠ ᠨᠢ ᠰᠤᠮᠤ ᠰᠢᠶᠠᠩ | ᠪᠠᠯᠭᠠᠰᠤᠨ ᠤ ᠰᠤᠷᠭᠠᠭᠤᠯᠢ ᠶᠢᠨ ᠪᠠᠭᠰᠢ ᠪᠦᠷᠢ ᠳᠤ ᠰᠠᠷ᠎ᠠ ᠳᠤ ᠪᠠᠨ 300 ᠲᠥᠭᠦᠷᠢᠭ᠂ ᠲᠣᠰᠬᠤᠨ ᠤ ᠪᠠᠭ᠎ᠠ ᠰᠤᠷᠭᠠᠭᠤᠯᠢ ᠵᠢᠴᠢ ᠵᠢᠭᠠᠨ ᠰᠤᠷᠭᠠᠯᠲᠠ ᠶᠢᠨ | ᠴᠡᠭ ᠤᠨ ᠪᠠᠭᠰᠢ ᠪᠦᠷᠢ ᠳᠤ ᠰᠠᠷ᠎ᠠ ᠳᠤ ᠪᠠᠨ 400 ᠲᠥᠭᠦᠷᠢᠭ ᠪᠠᠶᠢᠵᠤ᠂ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠬᠦ ᠬᠡᠷᠡᠭᠲᠡᠢ᠃ | ᠬᠤᠶᠢᠰᠢᠳᠠ ᠶᠢᠨ ᠣᠨ ᠵᠢᠯ ᠤᠳ ᠳᠤ᠂ ᠲᠥᠪ ᠤᠨ ᠲᠥᠷᠥ ᠶᠢᠨ ᠪᠣᠳᠣᠯᠭ᠎ᠠ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ | ᠶᠠᠪᠤᠴᠠ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠦᠨᠳᠦᠰᠦᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ | ᠲᠣᠭᠲᠠᠴᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤ ᠨᠢ ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃ | | ᠭᠤᠷᠪᠠ᠂ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ | ︵ᠨᠢᠭᠡ︶ ᠬᠡᠷᠡᠭᠵᠢᠭᠦᠯᠬᠦ ᠬᠡᠪᠴᠢᠶ᠎ᠡ᠄ ᠪᠦᠬᠦ ᠣᠷᠣᠨ ᠤ ᠪᠤᠶ ᠪᠦᠬᠦᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ︵ᠠᠷᠠᠳ ᠠᠴᠠ | ᠡᠷᠬᠢᠯᠡᠭᠰᠡᠨᠰᠤᠷᠭᠠᠭᠤᠯᠢ ᠪᠠᠭᠲᠠᠨ᠎ᠠ︶᠃ | ︵ᠬᠤᠶᠠᠷ︶ ᠬᠡᠷᠡᠭᠵᠢᠭᠦᠯᠬᠦ ᠴᠠᠭ ᠬᠤᠭᠤᠴᠠᠭ᠎ᠠ᠄ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ | ᠬᠡᠷᠡᠭᠵᠢᠭᠦᠯᠦᠨ᠎ᠡ᠃ | | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠨᠢ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ | ᠣᠷᠣᠭᠤᠯᠵᠤ᠂ ᠦᠨᠡᠨ ᠬᠦ ᠬᠡᠷᠡᠭᠵᠢᠭᠦᠯᠦᠭᠦᠰᠢᠲᠡᠢ ᠲᠥᠰᠥᠯ ᠢ ᠲᠣᠭᠲᠠᠭᠠᠬᠤ ᠬᠡᠷᠡᠭᠲᠡᠢ᠃ | ︵ᠬᠤᠶᠠᠷ︶ ᠪᠡᠯᠡ ᠮᠥᠩᠭᠦᠨ ᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠷᠤᠳᠠᠯ ᠢ | ᠬᠤᠪᠢᠳᠠᠨ ᠡᠭᠦᠷᠭᠡᠯᠡᠬᠦ ᠬᠠᠷᠢᠭᠤᠴᠠᠯᠭ᠎ᠠ ᠶᠢᠨ ᠶᠣᠰᠣᠭᠠᠷ ᠡᠭᠦᠷᠭᠡᠯᠡᠪᠡᠰᠦ ᠵᠣᠬᠢᠬᠤ ᠪᠡᠯᠡ ᠮᠥᠩᠭᠦ ᠶᠢ ᠲᠤᠭ᠎ᠠ ᠶᠣᠰᠣᠭᠠᠷ ᠨᠢ ᠭᠦᠢᠴᠡᠳ ᠨᠠᠶᠢᠳᠠᠪᠤᠷᠢᠵᠢᠭᠤᠯᠵᠤ᠂ ᠪᠡᠯᠡ | ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠤᠰ | ᠭᠠᠵᠠᠷ ᠣᠷᠣᠨ ᠤ ᠪᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠢ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠲᠥᠰᠥᠪ ᠤᠨ ᠬᠠᠮᠢᠶᠠᠷᠤᠯᠲᠠ ᠶᠢ ᠴᠢᠩᠭᠠᠳᠬᠠᠨ᠂ ᠲᠥᠰᠥᠪ ᠢ ᠨᠠᠷᠢᠯᠢᠭᠵᠢᠭᠤᠯᠤᠨ ᠨᠠᠶᠢᠷᠠᠭᠤᠯᠤᠨ ᠵᠣᠬᠢᠶᠠᠵᠤ᠂ ᠲᠥᠰᠥᠪ ᠤᠨ ᠬᠡᠷᠡᠭᠵᠢᠭᠦᠯᠦᠯᠲᠡ ᠶᠢ ᠴᠢᠩᠳᠠᠯᠠᠵᠤ᠂ | ᠲᠥᠰᠥᠪ ᠤᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠬᠡᠷᠡᠭᠲᠡᠢ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠡᠳ᠋ ᠤᠨ ᠶᠠᠪᠤᠳᠠᠯ ᠤᠨ | ᠬᠠᠮᠢᠶᠠᠷᠤᠯᠲᠠ ᠶᠢ ᠵᠢᠷᠤᠮᠵᠢᠭᠤᠯᠤᠨ᠂ ᠬᠠᠮᠢᠶᠠᠷᠤᠯᠲᠠ ᠶᠢᠨ ᠣᠨᠣᠯᠵᠢᠬᠤᠨ ᠳᠤ ᠰᠢᠨ᠎ᠡ ᠶᠢ ᠡᠭᠦᠳᠴᠦ᠂ ᠠᠮᠵᠢᠯᠲᠠ ᠪᠦᠲᠦᠮᠵᠢ ᠶᠢᠨ ᠲᠥᠰᠥᠪ ᠢ ᠵᠠᠷᠤᠳᠠᠯ ᠤᠨ | ᠬᠡᠷᠡᠭᠯᠡᠯᠲᠡ ᠬᠠᠮᠢᠶᠠᠷᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠂ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠬᠠᠭᠤᠯᠬᠤ ᠠᠵᠢᠯ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠂ ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢ ᠶᠢ ᠥᠷᠭᠡᠨ ᠢᠶᠠᠷ ᠠᠰᠢᠭᠯᠠᠨ᠂ ᠣᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ ᠪᠠᠶᠢᠭᠠᠳ ᠨᠡᠶᠢᠭᠡᠮ ᠳᠤ ᠭᠦᠨᠵᠡᠭᠡᠢ | ᠤᠬᠠᠭᠤᠯᠤᠨ᠂ ᠨᠠᠮ ᠪᠠ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠵᠦ᠂ ᠬᠥᠮᠥᠰ ᠤᠨ | ᠰᠡᠳᠬᠢᠯ ᠳᠤ ᠬᠠᠳᠠᠩᠰᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢᠨ ᠡᠯ᠎ᠡ ᠵᠦᠢᠯ ᠤᠨ ᠠᠵᠢᠯ ᠢ | ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠤᠰ ᠮᠡᠳᠡᠭᠳᠡᠯ ᠢ 2022 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ︽ᠬᠤᠲᠠ ᠬᠥᠳᠡᠭᠡ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ | ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔 2016 〕 32 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | 2022 ᠣᠨ ᠤ 8 ᠳ᠋ᠤᠭᠠᠷ ᠰᠠᠷ᠎ᠠ ᠶᠢᠨ 1 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | -- -- -- -- -- -- -- -- -- -- -- -- -- -- -- | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠳᠣᠷᠣ ᠶᠢᠨ ᠵᠥᠪᠯᠡᠯᠭᠡᠨ ᠤ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | -- -- -- -- -- -- -- -- -- -- -- -- -- -- -- | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 8 ᠳ᠋ᠤᠭᠠᠷ ᠰᠠᠷ᠎ᠠ ᠶᠢᠨ 1 ᠤ ᠡᠳᠦᠷ ᠳᠠᠷᠤᠮᠠᠯᠯᠠᠨ ᠲᠠᠷᠬᠠᠭᠠᠪᠠ | | | | |