2022 ᠣᠨ ᠳᠤ ᠤᠯᠠᠭᠠᠨᠬᠠᠳᠠ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠪᠠ
ᠨᠡᠶᠢᠲᠡᠯᠡᠭᠰᠡᠨ ᠴᠠᠭ᠄
2023/1/19
     ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠠᠭᠠᠨᠬᠠᠳᠠ ᠶᠢᠨ ᠪᠠᠶᠢᠴᠠᠭᠠᠯᠲᠠ ᠶᠢᠨ ᠠᠩᠭᠢ ᠶᠢᠨ ᠰᠣᠩᠭᠤᠨ ᠪᠠᠶᠢᠴᠠᠭᠠᠯᠲᠠ ᠢ ᠦᠨᠳᠦᠰᠦᠯᠡᠪᠡᠯ᠂ 2022 ᠣᠨ ᠳᠤ ᠤᠯᠠᠭᠠᠨᠬᠠᠳᠠ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27406 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4%᠎ ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠳᠤ ᠭᠤᠷᠪᠠᠳᠤᠭᠠᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 1.1 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 1.4 ᠵᠠᠭᠤᠨ ᠤ ᠨᠢᠭᠡᠴᠢ ᠥᠨᠳᠥᠷ ᠪᠣᠯᠪᠠ︔ ᠤᠯᠠᠭᠠᠨᠬᠠᠳᠠ ᠬᠤᠲᠠ ᠶᠢᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 39416 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2%᠎ ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠎ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠳᠤ ᠳᠥᠷᠪᠡᠳᠦᠭᠡᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 0.9 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 1.3 ᠵᠠᠭᠤᠨ ᠤ ᠨᠢᠭᠡᠴᠢ ᠥᠨᠳᠥᠷ ᠪᠣᠯᠪᠠ︔ ᠤᠯᠠᠭᠠᠨᠬᠠᠳᠠ ᠬᠤᠲᠠ ᠶᠢᠨ ᠬᠥᠳᠡᠭᠡ ᠲᠤᠰᠬᠤᠨ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 16547 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 8.3%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠳᠤ ᠭᠤᠷᠪᠠᠳᠤᠭᠠᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠎ ᠠᠴᠠ 1.2 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠴᠠ 2.0 ᠵᠠᠭᠤᠨ ᠤ ᠨᠢᠭᠡᠴᠢ ᠥᠨᠳᠥᠷ ᠪᠣᠯᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ