2023 ᠣᠨ ᠤ ᠲᠦᠷᠦᠭᠦᠦ ᠭᠤᠷᠪᠠᠨ ᠤᠯᠠᠷᠢᠯ ᠳᠤ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2023/10/10
     2023 ᠣᠨ ᠤ ᠲᠦᠷᠦᠭᠦᠦ ᠭᠤᠷᠪᠠᠨ ᠤᠯᠠᠷᠢᠯ ᠳᠤ᠂ ᠮᠠᠨ ᠤ ᠬᠤᠳᠠ ᠶᠢᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠠᠭᠠᠨᠬᠠᠳᠠ ᠶᠢᠨ ᠪᠠᠶᠢᠴᠠᠭᠠᠯᠲᠠ ᠶᠢᠨ ᠠᠩᠭᠢ ᠶᠢᠨ ᠰᠤᠩᠭᠤᠨ ᠪᠠᠶᠢᠴᠠᠭᠠᠯᠲᠠ ᠶᠢ ᠦᠨᠳᠦᠰᠦᠯᠡᠪᠡᠯ᠂ 2023 ᠣᠨ ᠤ ᠲᠦᠷᠦᠭᠦᠸ ᠭᠤᠷᠪᠠᠨ ᠤᠯᠠᠷᠢᠯ ᠳᠤ ᠤᠯᠠᠭᠠᠨᠬᠠᠳᠠ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21411 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠳᠤ ᠲᠠᠪᠤᠳᠤᠭᠠᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠲᠠᠢ ᠲᠡᠩᠴᠡᠵᠦ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.2 ᠵᠠᠭᠤᠨ ᠤ ᠨᠢᠭᠡᠴᠢ ᠳᠣᠣᠷ᠎ᠠ ᠪᠣᠯᠪᠠ︔ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 32449 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 5.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠳᠤ ᠲᠠᠪᠤᠳᠤᠭᠠᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ   ᠠᠴᠠ 0.1 ᠵᠠᠭᠤᠨ ᠤ ᠨᠢᠭᠡᠴᠢ ᠥᠨᠳᠥᠷ ᠪᠠᠶᠢᠵᠤ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ   ᠠᠴᠠ 0.1 ᠵᠠᠭᠤᠨ ᠤ ᠨᠢᠭᠡᠴᠢ ᠥᠨᠳᠥᠷ ᠪᠣᠯᠪᠠ︔ ᠬᠥᠳᠡᠭᠡ ᠲᠤᠰᠬᠤᠨ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11786 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠳᠤ ᠳᠥᠷᠪᠡᠳᠦᠭᠡᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠲᠠᠢ ᠲᠡᠩᠴᠡᠵᠦ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠲᠠᠢ ᠲᠡᠩᠴᠡᠪᠡ
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ