ᠲᠦᠷᠦᠭᠦᠸ ᠭᠤᠷᠪᠠᠨ ᠤᠯᠠᠷᠢᠯ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠲᠣᠭᠲᠠᠭᠤᠨ ᠢᠶᠠᠷ ᠠᠵᠢᠯᠯᠠᠵᠤ ᠪᠣᠶ
ᠨᠡᠶᠢᠲᠡᠯᠡᠭᠰᠡᠨ ᠴᠠᠭ᠄
2023/10/10
     ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃      ᠭᠤᠷᠪᠠᠨ ᠶᠡᠭᠡ ᠲᠥᠷᠥᠯ ᠠᠴᠠ ᠦᠵᠡᠪᠡᠯ᠂ ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠲᠠ ᠶᠢᠨ ᠠᠭᠤᠷᠬᠠᠢ ᠮᠠᠯᠲᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 8.1% ᠪᠠᠷ ᠪᠠᠭᠤᠷᠠᠵᠤ᠂ ᠦᠢᠯᠡᠳᠬᠦ ᠦᠢᠯᠡᠰ 11.4% ᠪᠠᠷ ᠨᠡᠮᠡᠭᠳᠡᠨ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 6.3% ᠪᠠᠷ ᠨᠡᠮᠡᠭᠳᠡᠪᠡ᠃      ᠠᠵᠤ ᠠᠬᠤᠢ ᠶᠢᠨ ᠲᠥᠷᠥᠯ ᠠᠴᠠ ᠦᠵᠡᠪᠡᠯ᠂ ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠲᠠ ᠶᠢᠨ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 4.4%  ᠪᠠᠷ ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 5.5% ᠪᠠᠷ ᠨᠡᠮᠡᠭᠳᠡᠨ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ 8.1% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 8.7% ᠪᠠᠷ ᠪᠠᠭᠤᠷᠠᠪᠠ᠃      ᠠᠵᠢᠯ ᠲᠥᠷᠥᠯ ᠠᠴᠠ ᠦᠵᠡᠪᠡᠯ᠂ ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠲᠠ ᠶᠢᠨ 28 ᠶᠡᠭᠡ ᠲᠥᠷᠥᠯ ᠤᠨ ᠠᠵᠢᠯ ᠲᠥᠷᠥᠯ ᠤᠨ ᠳᠣᠲᠣᠷᠠᠬᠢ 14 ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠯ ᠢᠶᠠᠨ ᠪᠠᠲᠤᠯᠠᠵᠤ᠂ ᠨᠡᠮᠡᠭᠳᠡᠯ ᠤᠨ ᠬᠡᠪᠴᠢᠶ᠎ᠡ ᠨᠢ 50% ᠳᠤ ᠬᠦᠷᠪᠡ᠃ ᠡᠭᠦᠨ ᠳᠤ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠬᠠᠪᠲᠠᠭᠠᠶᠢᠷᠠᠭᠤᠯᠵᠤ ᠡᠳ᠋ᠰᠢᠭᠦᠯᠬᠦ ᠦᠢᠯᠡᠰ 28.5% ᠪᠠᠷ ᠨᠡᠮᠡᠭᠳᠡᠵᠦ᠂ ᠥᠩᠭᠡᠲᠦ ᠲᠡᠮᠦᠷᠯᠢᠭ ᠪᠣᠯᠪᠠᠰᠤᠷᠠᠭᠤᠯᠬᠤ ᠪᠠ ᠬᠠᠪᠲᠠᠭᠠᠶᠢᠷᠠᠭᠤᠯᠵᠤ ᠡᠳ᠋ᠰᠢᠭᠦᠯᠬᠦ ᠦᠢᠯᠡᠰ 14.2%  ᠢᠶᠠᠷ ᠨᠡᠮᠡᠭᠳᠡᠵᠦ᠂ ᠥᠩᠭᠡᠲᠦ ᠲᠡᠮᠦᠷᠯᠢᠭ ᠤᠨ ᠠᠭᠤᠷᠬᠠᠢ ᠮᠠᠯᠲᠠᠬᠤ ᠪᠠ ᠰᠢᠯᠢᠬᠦ ᠦᠢᠯᠡᠰ 2.1% ᠪᠠᠷ ᠪᠠᠭᠤᠷᠠᠵᠤ᠂ ᠲᠠᠷᠢᠶᠠᠯᠠᠩ ᠬᠤᠯᠢᠰᠢᠨ ᠢᠳᠡᠭᠡᠨ ᠤ ᠡᠳ᠋ᠰᠢᠭᠦᠯᠬᠦ ᠦᠢᠯᠡᠰ 2.0% ᠪᠠᠷ ᠪᠠᠭᠤᠷᠠᠪᠠ᠃      ᠦᠢᠯᠡᠳᠬᠦᠨ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ᠂ ᠪᠦᠬᠦ ᠬᠤᠲᠠ   ᠶᠢᠨ ᠪᠦᠷᠢᠳᠬᠡᠭᠰᠡᠨ 69 ᠵᠦᠢᠯ ᠤᠨ ᠦᠢᠯᠡᠳᠬᠦᠨ ᠤ ᠳᠣᠲᠣᠷᠠᠬᠢ 34 ᠵᠦᠢᠯ ᠤᠨ ᠦᠢᠯᠡᠳᠬᠦᠨ ᠤ ᠬᠡᠮᠵᠢᠶ᠎ᠡ ᠠᠳᠠᠯᠢ ᠬᠤᠭᠤᠴᠠᠭᠠᠨ ᠤ  ᠬᠢ ᠠᠴᠠ ᠨᠡᠮᠡᠭᠳᠡᠪᠡ᠃ ᠭᠤᠣᠯ ᠪᠣᠯᠬᠤ ᠦᠢᠯᠡᠳᠬᠦᠨ ᠤ ᠳᠣᠲᠣᠷ᠎ᠠ᠂ ᠪᠣᠯᠣᠳ ᠮᠠᠲ᠋ᠧᠷᠢᠶᠠᠯ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 33.2% ᠢᠶᠠᠷ ᠨᠡᠮᠡᠭᠳᠡᠵᠦ᠂ ᠬᠢᠮᠢ ᠶᠢᠨ ᠪᠣᠷᠳᠣᠭᠤᠷ ᠤᠨ ᠭᠠᠷᠤᠯᠲᠠ 25.5% ᠪᠠᠷ ᠨᠡᠮᠡᠭᠳᠡᠵᠦ᠂ ᠠᠷᠪᠠᠨ ᠵᠦᠢᠯ ᠤᠨ ᠥᠩᠭᠡᠲᠦ ᠲᠡᠮᠦᠷᠯᠢᠭ ᠤᠨ ᠭᠠᠷᠤᠯᠲᠠ 5.4% ᠪᠠᠷ ᠨᠡᠮᠡᠭᠳᠡᠵᠦ᠂ ᠰᠢᠨ᠎ᠡ ᠰᠣᠷᠭᠤᠭ᠂ ᠬᠥᠯᠳᠡᠭᠦᠦ ᠪᠠᠷ ᠬᠠᠳᠠᠭᠠᠯᠠᠬᠤ ᠮᠢᠬᠠᠨ ᠤ ᠭᠠᠷᠤᠯᠲᠠ 131.6% ᠪᠠᠷ ᠨᠡᠮᠡᠭᠳᠡᠵᠦ᠂ ᠴᠠᠭᠠᠨ ᠢᠳᠡᠭᠡᠨ ᠤ ᠭᠠᠷᠤᠯᠲᠠ 5.3% ᠪᠠᠷ ᠪᠠᠭᠤᠷᠠᠵᠤ᠂ ᠱᠦᠢᠨᠢ ᠶᠢᠨ ᠭᠠᠷᠤᠯᠲᠠ 6.1% ᠪᠠᠷ ᠪᠠᠭᠤᠷᠠᠪᠠ᠃      ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 98.9% ᠬᠦᠷᠴᠦ᠂ ᠠᠳᠠᠯᠢ ᠬᠤᠭᠤᠴᠠᠭᠠᠨ ᠤ ᠬᠢ ᠠᠴᠠ 3.5 ᠵᠠᠭᠤᠨ ᠤ ᠨᠢᠭᠡᠴᠢ ᠨᠡᠮᠡᠭᠳᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ