︽ᠤᠯᠠᠭᠠᠨᠬᠠᠳᠠ ᠬᠤᠲᠠ ᠶᠢᠨ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ︵2023--2035 ᠣᠨ︶ ︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/11
      ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ ᠪᠠ ᠶᠠᠪᠤᠴᠠ      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠨᠤᠭᠤ ᠭᠠᠵᠠᠷ ᠢ ᠬᠠᠮᠠᠭᠠᠯᠠᠨ ᠬᠠᠮᠢᠶᠠᠷᠬᠤ ᠠᠵᠢᠯ ᠢ ᠦᠨᠡᠨᠬᠦ ᠴᠢᠩᠭᠠᠳᠬᠠᠬᠤ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠣᠷᠣᠨᠠᠲᠤ ᠣᠷᠣᠨ ᠤ ᠪᠠᠶᠢᠴᠠᠭᠠᠯᠲᠠ ᠶᠢᠨ ᠲᠥᠯᠥᠪᠵᠢᠭᠦᠯᠭᠡ ᠶᠢᠨ ᠬᠦᠷᠢᠶᠡᠯᠡᠩ ᠢ ᠤᠷᠢᠵᠤ ᠮᠠᠨ ᠤ ᠬᠤᠲᠠ ᠶᠢᠨ ︽ᠤᠯᠠᠭᠠᠨᠬᠠᠳᠠ ᠬᠤᠲᠠ ᠶᠢᠨ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ︵2023--2035 ᠣᠨ︶︾᠎ ᠶᠢ ᠨᠠᠶᠢᠷᠠᠭᠤᠯᠤᠨ ᠵᠣᠬᠢᠶᠠᠪᠠ᠃ ︽ᠲᠥᠯᠥᠪᠵᠢᠭᠦᠯᠭᠡ︾ ᠪᠦᠷᠢᠯᠳᠦᠭᠰᠡᠨ ᠤ ᠳᠠᠷᠠᠭ᠎ᠠ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ᠂ ᠤᠯᠤᠰ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠤ ᠨᠤᠲᠠᠯᠠᠯᠲᠠ ᠵᠢᠴᠢ ᠣᠯᠠᠨ ᠨᠡᠶᠢᠲᠡ ᠶᠢᠨ ᠣᠷᠣᠯᠴᠠᠯᠭ᠎ᠠ ᠪᠠᠷ ᠳᠡᠮᠵᠢᠨ᠂ ᠡᠯ᠎ᠡ ᠬᠤᠰᠢᠭᠤ ᠰᠢᠶᠠᠨ ᠲᠣᠭᠤᠷᠢᠭ ᠵᠢᠴᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ᠂ ᠰᠣᠶᠣᠯ ᠵᠢᠭᠤᠯᠴᠢᠯᠠᠯ ᠵᠡᠷᠭᠡ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠪᠥᠭᠡᠳ ᠭᠥᠯᠢᠶᠡᠨ ᠠᠪᠴᠤ ᠬᠡᠷᠡᠭᠯᠡᠨ᠂ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠦᠨᠡᠯᠡᠯᠲᠡ ᠵᠢᠴᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠪᠠᠲᠤᠯᠠᠪᠠ᠃ 2023 ᠣᠨ ᠤ 5 ᠰᠠᠷ᠎ᠠ ᠳᠤ᠂ ︽ᠲᠥᠯᠥᠪᠵᠢᠭᠦᠯᠭᠡ︾᠎ ᠶᠢ ᠬᠤᠲᠠ ᠶᠢᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠪᠡ᠃      ︽ᠲᠥᠯᠥᠪᠵᠢᠭᠦᠯᠭᠡ︾᠎ ᠨᠢ ᠨᠤᠭᠤ ᠭᠠᠵᠠᠷ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠪᠠ ᠡᠷᠡᠭᠦᠯ ᠡᠩᠬᠡ ᠨᠤᠭᠤ ᠭᠠᠵᠠᠷ ᠤᠨ ᠠᠮᠢ ᠠᠬᠤᠶ ᠶᠢᠨ ᠰᠢᠰᠲ᠋ᠧᠮ ᠢ ᠪᠠᠶᠢᠭᠤᠯᠬᠤ ᠪᠠᠷ ᠭᠤᠤᠯ ᠪᠣᠯᠭᠠᠵᠤ᠂ ᠨᠤᠭᠤ ᠭᠠᠵᠠᠷ ᠤᠨ ᠠᠮᠢ ᠠᠬᠤᠶ ᠶᠢᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠬᠤ᠂ ᠤᠰᠤᠨ ᠰᠢᠪᠠᠭᠤ ᠵᠡᠷᠭᠡ ᠬᠤᠪᠣᠷ ᠴᠤᠬᠠᠭ ᠮᠥᠬᠦᠬᠦ ᠰᠢᠬᠠᠭᠰᠠᠨ ᠲᠥᠷᠥᠯ ᠤᠨ ᠠᠮᠢᠳᠤᠷᠠᠯ ᠤᠨ ᠣᠷᠴᠢᠨ ᠢ ᠠᠶᠠᠨᠳᠠᠭᠠᠨ ᠰᠡᠷᠭᠦᠭᠡᠬᠦ ᠪᠠ ᠳᠡᠭᠡᠭᠰᠢᠯᠡᠭᠦᠯᠬᠦ ᠪᠠᠷ ᠴᠢᠭᠯᠡᠯ ᠪᠣᠯᠭᠠᠨ᠂ ᠨᠤᠭᠤ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠯ ᠬᠢᠭᠡᠳ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠷᠳᠡᠮ ᠰᠢᠨᠵᠢᠯᠡᠭᠡ᠂ ᠤᠬᠠᠭᠤᠯᠭ᠎ᠠ᠂ ᠬᠠᠮᠢᠶᠠᠷᠤᠯᠲᠠ ᠪᠠ ᠪᠣᠯᠪᠠᠰᠤᠷᠠᠭᠤᠯᠤᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠭᠠᠳᠠᠭᠠᠳᠤ ᠰᠣᠯᠢᠯᠴᠠᠭ᠎ᠠ ᠪᠠ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠤᠯᠠᠭᠠᠨᠬᠠᠳᠠ ᠬᠤᠲᠠ ᠶᠢᠨ ᠨᠤᠭᠤ ᠭᠠᠵᠠᠷ ᠤᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠶᠢ ᠢᠳᠡᠪᠬᠢᠲᠡᠶ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ᠂ ᠴᠡᠯᠮᠡᠭ ᠲᠩᠷᠢ ᠨᠣᠭᠤᠭᠠᠨ ᠭᠠᠵᠠᠷ ᠲᠤᠩᠭᠠᠯᠠᠭ ᠤᠰᠤ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠭᠰᠠᠨ ᠰᠢᠲᠢᠲᠦ ᠤᠯᠠᠭᠠᠨᠬᠠᠳᠠ ᠶᠢ ᠪᠦᠲᠦᠭᠡᠨ ᠪᠠᠶᠢᠭᠤᠯᠬᠤ ᠳᠤ ᠴᠢᠬᠤᠯᠠ ᠪᠠᠲᠤᠯᠠᠭ᠎ᠠ ᠬᠠᠩᠭᠠᠨ᠎ᠠ᠃      ᠬᠤᠶᠠᠷ᠂ ᠲᠥᠯᠥᠪᠵᠢᠭᠦᠯᠭᠡ ᠶᠢᠨ ᠪᠣᠷᠣ ᠲᠥᠯᠥᠪ ᠵᠢᠴᠢ ᠭᠤᠣᠯ ᠠᠭᠤᠯᠭ᠎ᠠ       ︽ᠤᠯᠠᠭᠠᠨᠬᠠᠳᠠ ᠬᠤᠲᠠ ᠶᠢᠨ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ︵2023--2035 ᠣᠨ︶︾᠎ ᠨᠢ ᠨᠡᠶᠢᠲᠡ ᠠᠷᠪᠠᠨ ᠬᠤᠶᠠᠷ ᠬᠡᠰᠡᠭ ᠪᠦᠯᠦᠭ ᠲᠠᠢ᠃      ᠨᠢᠭᠡᠳᠦᠭᠡᠷ ᠪᠦᠯᠦᠭ᠂ ᠲᠥᠯᠥᠪᠵᠢᠭᠦᠯᠭᠡ ᠶᠢᠨ ᠲᠦᠢᠮᠣ ᠪᠠᠶᠢᠳᠠᠯ᠃ ᠲᠥᠯᠥᠪᠵᠢᠭᠦᠯᠭᠡ ᠶᠢᠨ ᠠᠬᠤᠶ ᠪᠠᠶᠢᠳᠠᠯ᠂ ᠴᠢᠬᠤᠯᠠ ᠴᠢᠨᠠᠷ ᠵᠢᠴᠢ ᠲᠥᠯᠥᠪᠵᠢᠭᠦᠯᠭᠡ ᠶᠢ ᠨᠡᠶᠢᠲᠡᠯᠡᠬᠦ ᠵᠣᠷᠢᠯᠭ᠎ᠠ ᠶᠢ ᠲᠣᠳᠣᠷᠬᠠᠶᠢᠯᠠᠪᠠ᠃       ᠬᠤᠶᠠᠳᠤᠭᠠᠷ ᠪᠦᠯᠦᠭ᠂ ᠨᠤᠭᠤ ᠭᠠᠵᠠᠷ ᠤᠨ ᠡᠬᠢ ᠪᠠᠶᠠᠯᠢᠭ ᠤᠨ ᠣᠳᠣᠬᠢ ᠪᠠᠶᠢᠳᠠᠯ ᠵᠢᠴᠢ ᠦᠨᠡᠯᠡᠯᠲᠡ᠃ ᠮᠠᠨ ᠤ ᠬᠤᠲᠠ ᠶᠢᠨ ᠨᠤᠭᠤ ᠭᠠᠵᠠᠷ ᠤᠨ ᠡᠬᠢ ᠪᠠᠶᠠᠯᠢᠭ ᠤᠨ ᠣᠳᠣᠬᠢ ᠪᠠᠶᠢᠳᠠᠯ ᠪᠠ ᠬᠠᠮᠢᠶᠠᠷᠤᠯᠲᠠ ᠶᠢᠨ ᠣᠳᠣᠬᠢ ᠪᠠᠶᠢᠳᠠᠯ ᠢ ᠡᠮᠬᠢᠯᠡᠪᠡ᠃       ᠭᠤᠷᠪᠠᠳᠤᠭᠠᠷ ᠪᠦᠯᠦᠭ᠂ ᠲᠥᠯᠥᠪᠵᠢᠭᠦᠯᠭᠡ ᠶᠢᠨ ᠶᠡᠷᠦᠩᠬᠡᠢ ᠲᠦᠷᠢᠮ᠃ ᠵᠢᠯᠣᠭᠤᠳᠬᠤ ᠦᠵᠡᠯ ᠰᠠᠨᠠᠭ᠎ᠠ᠂ ᠲᠥᠯᠥᠪᠵᠢᠭᠦᠯᠭᠡ ᠶᠢᠨ ᠣᠶᠢᠯᠠᠭᠠᠭᠳᠠᠬᠤᠨ᠂ ᠲᠥᠯᠥᠪᠵᠢᠭᠦᠯᠭᠡ ᠶᠢᠨ ᠵᠠᠷᠴᠢᠮ᠂ ᠲᠥᠯᠥᠪᠵᠢᠭᠦᠯᠭᠡ ᠶᠢᠨ ᠦᠨᠳᠦᠰᠦᠯᠡᠯ᠂ ᠲᠥᠯᠥᠪᠵᠢᠭᠦᠯᠭᠡ ᠶᠢᠨ ᠬᠤᠭᠤᠴᠠᠭ᠎ᠠ ᠪᠠ ᠬᠠᠷᠠᠯᠲᠠ ᠶᠢ ᠲᠣᠳᠣᠷᠬᠠᠶᠢᠯᠠᠵᠤ᠂ ᠬᠠᠷᠠᠯᠲᠠ 2035 ᠣᠨ ᠪᠣᠯᠬᠤ ᠳᠤ ᠨᠤᠭᠤ ᠭᠠᠵᠠᠷ ᠤᠨ ᠬᠠᠮᠠᠭᠠᠯᠠᠯᠲᠠ ᠶᠢᠨ ᠨᠣᠷᠮ᠎ᠠ ᠶᠢ 45 %᠎ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃       ᠳᠥᠷᠪᠡᠳᠦᠭᠡᠷ ᠪᠦᠯᠦᠭ᠂ ᠨᠤᠭᠤ ᠭᠠᠵᠠᠷ ᠤᠨ ᠠᠮᠢ ᠠᠬᠤᠢ ᠶᠢᠨ ᠣᠷᠣᠨ ᠵᠠᠶ ᠶᠢᠨ ᠲᠥᠯᠥᠪᠵᠢᠭᠦᠯᠭᠡ᠃ ᠣᠷᠣᠨ ᠵᠠᠶ ᠶᠢᠨ ᠪᠠᠶᠢᠷᠢᠰᠢᠭᠤᠯᠤᠯᠲᠠ ᠵᠢᠴᠢ ᠣᠷᠣᠨ ᠬᠤᠪᠢᠶᠠᠷᠢᠯᠠᠯ ᠤᠨ ᠵᠠᠷᠴᠢᠮ᠂ ᠦᠨᠳᠦᠰᠦᠯᠡᠯ᠂ ᠲᠥᠰᠦᠯ ᠢ ᠲᠣᠭᠲᠠᠭᠠᠪᠠ᠃       ᠲᠠᠪᠤᠳᠤᠭᠠᠷ ᠪᠦᠯᠦᠭ᠂ ᠨᠤᠭᠤ ᠭᠠᠵᠠᠷ ᠢ ᠬᠠᠮᠠᠭᠠᠯᠠᠬᠤ ᠰᠢᠰᠲ᠋ᠧᠮᠵᠢ ᠶᠢᠨ ᠲᠥᠯᠥᠪᠵᠢᠭᠦᠯᠭᠡ᠃ ᠨᠤᠭᠤ ᠭᠠᠵᠠᠷ ᠤᠨ ᠠᠮᠢ ᠠᠬᠤᠶ ᠶᠢᠨ ᠣᠷᠣᠨ ᠵᠠᠶ ᠶᠢ ᠬᠠᠮᠢᠶᠠᠷᠤᠨ ᠡᠵᠡᠮᠳᠡᠬᠦ᠂ ᠣᠷᠣᠨ ᠲᠤᠭ᠎ᠠ ᠶᠢᠨ ᠳᠤᠲᠠᠮᠠᠭ ᠢ ᠬᠠᠮᠠᠭᠠᠯᠠᠬᠤ ᠵᠠᠳᠠᠯᠤᠯᠲᠠ᠂ ᠱᠠᠲᠤ ᠬᠤᠪᠢᠶᠠᠨ ᠬᠠᠮᠠᠭᠠᠯᠠᠬᠤ ᠰᠢᠰᠲ᠋ᠧᠮ᠂ ᠲᠥᠷᠥᠯ ᠬᠤᠪᠢᠶᠠᠨ ᠬᠠᠮᠠᠭᠠᠯᠠᠬᠤ ᠰᠢᠰᠲ᠋ᠧᠮ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠳᠤᠷᠠᠳᠪᠠ᠃       ᠵᠢᠷᠭᠤᠳᠤᠭᠠᠷ ᠪᠦᠯᠦᠭ᠂ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ ᠪᠠ ᠰᠡᠯᠪᠢᠬᠦ ᠲᠥᠯᠥᠪᠵᠢᠭᠦᠯᠭᠡ᠃ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ ᠪᠠ ᠨᠤᠭᠤ ᠭᠠᠵᠠᠷ ᠤᠨ ᠠᠮᠢ ᠠᠬᠤᠶ ᠶᠢ ᠰᠡᠯᠪᠢᠬᠦ ᠬᠤᠶᠠᠷ ᠲᠠᠯ᠎ᠠ ᠶᠢᠨ ᠠᠭᠤᠯᠭ᠎ᠠ ᠶᠢ ᠲᠣᠭᠲᠠᠭᠠᠪᠠ᠃      ᠳᠣᠯᠣᠳᠤᠭᠠᠷ ᠪᠦᠯᠦᠭ᠂ ᠨᠤᠭᠤ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠰᠢᠨᠵᠢᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ᠃ ᠨᠤᠭᠤ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠃       ᠨᠠᠢᠮᠠᠳᠤᠭᠠᠷ ᠪᠦᠯᠦᠭ᠂ ᠨᠤᠭᠤ ᠭᠠᠵᠠᠷ ᠢ ᠦᠷᠭᠦᠯᠵᠢᠯᠡᠨ ᠠᠰᠢᠭᠯᠠᠬᠤ ᠶᠢᠨ ᠵᠢᠱᠢᠶ᠎ᠡ ᠦᠵᠡᠭᠦᠯᠬᠦ ᠲᠥᠯᠥᠪᠵᠢᠭᠦᠯᠭᠡ᠃ ᠨᠤᠭᠤ ᠭᠠᠵᠠᠷ ᠤᠨ ᠠᠮᠢ ᠠᠬᠤᠶ ᠶᠢᠨ ᠵᠢᠭᠤᠯᠴᠢᠯᠠᠯ᠂ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠲᠡᠵᠢᠭᠡᠨ ᠦᠷᠡᠵᠢᠭᠦᠯᠬᠦ ᠭᠤᠷᠪᠠᠨ ᠵᠢᠱᠢᠶ᠎ᠡ ᠦᠵᠡᠭᠦᠯᠬᠦ ᠢᠨᠵᠧᠨᠧᠷᠢᠩ ᠢ ᠲᠣᠭᠲᠠᠭᠠᠪᠠ᠃       ᠶᠢᠰᠦᠳᠦᠭᠡᠷ ᠪᠦᠯᠦᠭ᠂ ᠨᠤᠭᠤ ᠭᠠᠵᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠲᠥᠯᠥᠪᠵᠢᠭᠦᠯᠭᠡ᠃ ᠳᠦᠷᠢᠮ ᠤᠨ ᠪᠠᠶᠢᠭᠤᠯᠤᠯᠲᠠ᠂ ᠴᠢᠳᠠᠪᠤᠷᠢ ᠶᠢᠨ ᠪᠠᠶᠢᠭᠤᠯᠤᠯᠲᠠ᠂ ᠤᠬᠠᠭᠤᠯᠭ᠎ᠠ ᠬᠥᠮᠦᠵᠢᠯ ᠢ ᠲᠣᠳᠣᠷᠬᠠᠶᠢᠯᠠᠪᠠ᠃       ᠠᠷᠪᠠᠳᠤᠭᠠᠷ ᠪᠦᠯᠦᠭ᠂ ᠭᠤᠤᠯᠳᠠᠯᠭ᠎ᠠ ᠲᠠᠢ ᠢᠨᠵᠧᠨᠧᠷᠢᠩ ᠤᠨ ᠲᠥᠯᠥᠪᠵᠢᠭᠦᠯᠭᠡ᠃ ᠨᠤᠭᠤ ᠭᠠᠵᠠᠷ ᠢ ᠬᠠᠮᠠᠭᠠᠯᠠᠨ ᠳᠡᠭᠡᠭᠰᠢᠯᠡᠭᠦᠯᠬᠦ᠂ ᠠᠮᠢ ᠠᠬᠤᠶ ᠶᠢ ᠰᠡᠷᠭᠦᠭᠡᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ ᠬᠢᠭᠡᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠵᠢᠴᠢ ᠦᠷᠭᠦᠯᠵᠢᠯᠡᠨ ᠠᠰᠢᠭᠯᠠᠬᠤ ᠵᠢᠱᠢᠶ᠎ᠡ ᠦᠵᠡᠭᠦᠯᠬᠦ 4 ᠢᠨᠵᠧᠨᠧᠷᠢᠩ ᠢ ᠳᠤᠷᠠᠳᠪᠠ᠃       ᠠᠷᠪᠠᠨ ᠨᠢᠭᠡᠳᠦᠭᠡᠷ ᠪᠦᠯᠦᠭ᠂ ᠪᠡᠯᠡ ᠣᠷᠣᠭᠤᠯᠤᠯᠲᠠ ᠶᠢᠨ ᠵᠢᠱᠢᠯᠲᠡ ᠪᠠ ᠦᠷ᠎ᠡ ᠠᠰᠢᠭ ᠤᠨ ᠵᠠᠳᠠᠯᠤᠯᠲᠠ᠃ ᠨᠤᠭᠤ ᠭᠠᠵᠠᠷ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠡᠯ᠎ᠡ ᠲᠥᠷᠥᠯ ᠵᠦᠢᠯ ᠢ ᠬᠡᠷᠡᠭᠵᠢᠭᠦᠯᠬᠦ ᠳᠤ ᠪᠠᠯᠠ ᠣᠷᠣᠭᠤᠯᠤᠯᠲᠠ ᠶᠢᠨ ᠵᠢᠱᠢᠯᠲᠡ ᠪᠠ ᠦᠷ᠎ᠡ ᠠᠰᠢᠭ ᠤᠨ ᠵᠠᠳᠠᠯᠤᠯᠲᠠ ᠬᠢᠪᠡ᠃       ᠠᠷᠪᠠᠨ ᠬᠤᠶᠠᠳᠤᠭᠠᠷ ᠪᠦᠯᠦᠭ᠂ ᠪᠠᠲᠤᠯᠠᠬᠤ ᠠᠷᠭ᠎ᠠ ᠬᠡᠮᠵᠢᠶ᠎ᠡ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠲᠦᠷᠢᠮ ᠤᠨ ᠪᠠᠲᠤᠯᠠᠭ᠎ᠠ᠂ ᠪᠠᠯᠠ ᠮᠥᠩᠭᠦ ᠶᠢᠨ ᠪᠠᠲᠤᠯᠠᠭ᠎ᠠ ᠪᠠ ᠮᠡᠷᠭᠡᠵᠢᠯ ᠤᠨ ᠪᠠᠲᠤᠯᠠᠭ᠎ᠠ ᠵᠡᠷᠭᠡ ᠳᠥᠷᠪᠡᠨ ᠲᠠᠯ᠎ᠠ ᠠᠴᠠ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ᠶᠢ ᠪᠣᠳᠠᠲᠠᠶᠢᠵᠢᠭᠤᠯᠤᠨ ᠬᠡᠷᠡᠭᠵᠢᠭᠦᠯᠬᠦ ᠳᠤ ᠪᠠᠲᠤᠯᠠᠭ᠎ᠠ ᠬᠠᠩᠭᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ