ᠳᠠᠪᠬᠤᠷᠳᠠᠭᠰᠠᠨ ᠲᠤᠭ᠎ᠠ ᠪᠠᠷ 1122.81 ᠲᠦᠮᠡᠨ ᠬᠥᠮᠥᠨ ᠥᠪᠥᠷ ᠮᠣᠩᠭᠤᠯ ᠢᠶᠠᠷ ᠵᠢᠭᠤᠯᠴᠢᠯᠠᠪᠠ
ᠨᠡᠶᠢᠲᠡᠯᠡᠭᠰᠡᠨ ᠴᠠᠭ᠄
2023/10/11
      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠡᠶᠢᠲᠡᠯᠡᠭᠰᠡᠨ ᠢᠶᠠᠷ᠂ ᠨᠠᠢᠮᠠᠨ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠲᠦᠷᠦᠭᠦᠦ ᠳᠥᠷᠪᠡᠨ ᠡᠳᠦᠷ ᠲᠤ ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠳ ᠢ ᠳᠠᠪᠬᠤᠷᠳᠠᠭᠰᠠᠨ ᠲᠤᠭ᠎ᠠ ᠪᠠᠷ 1122.81 ᠲᠦᠮᠡᠨ ᠬᠥᠮᠥᠨ ᠭᠥᠯᠢᠶᠡᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.92 ᠳᠠᠬᠢᠨ᠂ 2019 ᠣᠨ ᠤ ᠠᠳᠠᠯᠢ ᠬᠤᠭᠤᠴᠠᠭᠠᠨ ᠤ  ᠬᠢ ᠠᠴᠠ 1.26 ᠳᠠᠬᠢᠨ ᠪᠣᠯᠵᠠᠢ᠃ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 76.05 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.65 ᠳᠠᠬᠢᠨ᠂ 2019 ᠣᠨ ᠤ ᠠᠳᠠᠯᠢ ᠬᠤᠭᠤᠴᠠᠭᠠᠨ ᠤ ᠬᠢ ᠠᠴᠠ 1.08 ᠳᠠᠬᠢᠨ ᠪᠣᠯᠵᠠᠢ᠃      ᠨᠠᠢᠮᠠᠨ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠳᠥᠷᠪᠡᠳᠦᠭᠡᠷ ᠡᠳᠦᠷ ᠲᠤ ᠪᠦᠬᠦ ᠣᠷᠣᠨ ᠤ ᠬᠦᠯᠢᠶᠡᠨ ᠠᠪᠤᠭᠰᠠᠨ ᠤᠯᠤᠰ ᠤᠨ ᠳᠣᠲᠣᠭᠠᠳᠤ ᠶᠢᠨ ᠵᠢᠭᠤᠯᠴᠢᠳ ᠳᠠᠪᠬᠤᠷᠳᠠᠭᠰᠠᠨ ᠲᠤᠭ᠎ᠠ ᠪᠠᠷ 319.38 ᠲᠦᠮᠡᠨ ᠬᠥᠮᠥᠨ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ  ᠬᠢ ᠠᠴᠠ 7.20 ᠳᠠᠬᠢᠨ᠂ 2019 ᠣᠨ ᠤ ᠠᠳᠠᠯᠢ ᠬᠤᠭᠤᠴᠠᠭᠠᠨ ᠤ ᠬᠢ ᠠᠴᠠ 1.24 ᠳᠠᠬᠢᠨ ᠪᠣᠯᠵᠠᠢ᠃ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 22.74 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.96 ᠳᠠᠬᠢᠨ᠂ 2019 ᠣᠨ ᠤ ᠠᠳᠠᠯᠢ ᠬᠤᠭᠤᠴᠠᠭᠠᠨ ᠤ ᠬᠢ ᠠᠴᠠ 1.11 ᠳᠠᠬᠢᠨ ᠪᠣᠯᠪᠠ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ