| ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ ᠪᠠ ᠶᠠᠪᠤᠴᠠ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ | ᠬᠠᠮᠠᠭᠠᠯᠠᠬᠤ ᠬᠠᠤᠯᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠨᠤᠭᠤ ᠭᠠᠵᠠᠷ ᠢ ᠬᠠᠮᠠᠭᠠᠯᠠᠨ ᠬᠠᠮᠢᠶᠠᠷᠬᠤ ᠠᠵᠢᠯ ᠢ ᠦᠨᠡᠨᠬᠦ | ᠴᠢᠩᠭᠠᠳᠬᠠᠬᠤ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠬᠤᠲᠠ ᠶᠢᠨ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠣᠷᠣᠨᠠᠲᠤ ᠣᠷᠣᠨ ᠤ ᠪᠠᠶᠢᠴᠠᠭᠠᠯᠲᠠ ᠶᠢᠨ | ᠲᠥᠯᠥᠪᠵᠢᠭᠦᠯᠭᠡ ᠶᠢᠨ ᠬᠦᠷᠢᠶᠡᠯᠡᠩ ᠢ ᠤᠷᠢᠵᠤ ᠮᠠᠨ ᠤ ᠬᠤᠲᠠ ᠶᠢᠨ ︽ᠤᠯᠠᠭᠠᠨᠬᠠᠳᠠ ᠬᠤᠲᠠ ᠶᠢᠨ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ︵ | 2023--2035 ᠣᠨ︶︾ ᠶᠢ ᠨᠠᠶᠢᠷᠠᠭᠤᠯᠤᠨ ᠵᠣᠬᠢᠶᠠᠪᠠ᠃ ︽ᠲᠥᠯᠥᠪᠵᠢᠭᠦᠯᠭᠡ︾ ᠪᠦᠷᠢᠯᠳᠦᠭᠰᠡᠨ ᠤ ᠳᠠᠷᠠᠭ᠎ᠠ ᠪᠡᠭᠡᠵᠢᠩ ᠤᠨ ᠣᠶ ᠰᠢᠭᠤᠶ ᠶᠢᠨ ᠶᠡᠭᠡ | ᠰᠤᠷᠭᠠᠭᠤᠯᠢ᠂ ᠤᠯᠤᠰ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠲᠤᠰᠬᠠᠶ | ᠮᠡᠷᠭᠡᠵᠢᠯᠲᠡᠨ ᠤ ᠨᠤᠲᠠᠯᠠᠯᠲᠠ ᠵᠢᠴᠢ ᠣᠯᠠᠨ ᠨᠡᠶᠢᠲᠡ ᠶᠢᠨ ᠣᠷᠣᠯᠴᠠᠯᠭ᠎ᠠ ᠪᠠᠷ ᠳᠡᠮᠵᠢᠨ᠂ ᠡᠯ᠎ᠡ ᠬᠤᠰᠢᠭᠤ ᠰᠢᠶᠠᠨ ᠲᠣᠭᠤᠷᠢᠭ ᠵᠢᠴᠢ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ᠂ ᠰᠣᠶᠣᠯ ᠵᠢᠭᠤᠯᠴᠢᠯᠠᠯ ᠵᠡᠷᠭᠡ | ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠪᠥᠭᠡᠳ ᠭᠥᠯᠢᠶᠡᠨ ᠠᠪᠴᠤ ᠬᠡᠷᠡᠭᠯᠡᠨ᠂ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠦᠨᠡᠯᠡᠯᠲᠡ ᠵᠢᠴᠢ | ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠪᠠᠲᠤᠯᠠᠪᠠ᠃ 2023 ᠣᠨ ᠤ 5 ᠰᠠᠷ᠎ᠠ ᠳᠤ᠂ ︽ᠲᠥᠯᠥᠪᠵᠢᠭᠦᠯᠭᠡ︾ ᠶᠢ ᠬᠤᠲᠠ ᠶᠢᠨ ᠵᠠᠰᠠᠭ ᠤᠨ | ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠪᠡ᠃ | ︽ᠲᠥᠯᠥᠪᠵᠢᠭᠦᠯᠭᠡ︾ ᠨᠢ ᠨᠤᠭᠤ ᠭᠠᠵᠠᠷ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠪᠠ ᠡᠷᠡᠭᠦᠯ ᠡᠩᠬᠡ ᠨᠤᠭᠤ ᠭᠠᠵᠠᠷ ᠤᠨ ᠠᠮᠢ | ᠠᠬᠤᠶ ᠶᠢᠨ ᠰᠢᠰᠲ᠋ᠧᠮ ᠢ ᠪᠠᠶᠢᠭᠤᠯᠬᠤ ᠪᠠᠷ ᠭᠤᠤᠯ ᠪᠣᠯᠭᠠᠵᠤ᠂ ᠨᠤᠭᠤ ᠭᠠᠵᠠᠷ ᠤᠨ ᠠᠮᠢ ᠠᠬᠤᠶ ᠶᠢᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠴᠢᠩᠭᠠᠳᠬᠠᠬᠤ᠂ ᠤᠰᠤᠨ ᠰᠢᠪᠠᠭᠤ ᠵᠡᠷᠭᠡ ᠬᠤᠪᠣᠷ ᠴᠤᠬᠠᠭ ᠮᠥᠬᠦᠬᠦ ᠰᠢᠬᠠᠭᠰᠠᠨ ᠲᠥᠷᠥᠯ ᠤᠨ ᠠᠮᠢᠳᠤᠷᠠᠯ ᠤᠨ ᠣᠷᠴᠢᠨ ᠢ ᠠᠶᠠᠨᠳᠠᠭᠠᠨ ᠰᠡᠷᠭᠦᠭᠡᠬᠦ ᠪᠠ | ᠳᠡᠭᠡᠭᠰᠢᠯᠡᠭᠦᠯᠬᠦ ᠪᠠᠷ ᠴᠢᠭᠯᠡᠯ ᠪᠣᠯᠭᠠᠨ᠂ ᠨᠤᠭᠤ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠯ ᠬᠢᠭᠡᠳ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠷᠳᠡᠮ ᠰᠢᠨᠵᠢᠯᠡᠭᠡ᠂ | ᠤᠬᠠᠭᠤᠯᠭ᠎ᠠ᠂ ᠬᠠᠮᠢᠶᠠᠷᠤᠯᠲᠠ ᠪᠠ ᠪᠣᠯᠪᠠᠰᠤᠷᠠᠭᠤᠯᠤᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠭᠠᠳᠠᠭᠠᠳᠤ ᠰᠣᠯᠢᠯᠴᠠᠭ᠎ᠠ ᠪᠠ ᠤᠯᠠᠨ ᠤᠯᠤᠰ ᠤᠨ | ᠬᠠᠮᠲᠤᠷᠠᠯᠴᠠᠭ᠎ᠠ ᠶᠢ ᠴᠢᠩᠭᠠᠳᠬᠠᠨ᠂ ᠤᠯᠠᠭᠠᠨᠬᠠᠳᠠ ᠬᠤᠲᠠ ᠶᠢᠨ ᠨᠤᠭᠤ ᠭᠠᠵᠠᠷ ᠤᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠶᠢ ᠢᠳᠡᠪᠬᠢᠲᠡᠶ ᠠᠬᠢᠭᠤᠯᠵᠤ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ᠂ ᠴᠡᠯᠮᠡᠭ ᠲᠩᠷᠢ ᠨᠣᠭᠤᠭᠠᠨ ᠭᠠᠵᠠᠷ | ᠲᠤᠩᠭᠠᠯᠠᠭ ᠤᠰᠤ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠭᠰᠠᠨ ᠰᠢᠲᠢᠲᠦ ᠤᠯᠠᠭᠠᠨᠬᠠᠳᠠ ᠶᠢ ᠪᠦᠲᠦᠭᠡᠨ | ᠪᠠᠶᠢᠭᠤᠯᠬᠤ ᠳᠤ ᠴᠢᠬᠤᠯᠠ ᠪᠠᠲᠤᠯᠠᠭ᠎ᠠ ᠬᠠᠩᠭᠠᠨ᠎ᠠ᠃ | | ᠬᠤᠶᠠᠷ᠂ ᠲᠥᠯᠥᠪᠵᠢᠭᠦᠯᠭᠡ ᠶᠢᠨ ᠪᠣᠷᠣ ᠲᠥᠯᠥᠪ ᠵᠢᠴᠢ ᠭᠤᠣᠯ ᠠᠭᠤᠯᠭ᠎ᠠ | ︽ᠤᠯᠠᠭᠠᠨᠬᠠᠳᠠ ᠬᠤᠲᠠ ᠶᠢᠨ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ︵2023--2035 ᠣᠨ︶︾ ᠨᠢ ᠨᠡᠶᠢᠲᠡ ᠠᠷᠪᠠᠨ ᠬᠤᠶᠠᠷ ᠬᠡᠰᠡᠭ | ᠪᠦᠯᠦᠭ ᠲᠠᠢ᠃ | ᠨᠢᠭᠡᠳᠦᠭᠡᠷ ᠪᠦᠯᠦᠭ᠂ ᠲᠥᠯᠥᠪᠵᠢᠭᠦᠯᠭᠡ ᠶᠢᠨ ᠲᠦᠢᠮᠣ ᠪᠠᠶᠢᠳᠠᠯ᠃ ᠲᠥᠯᠥᠪᠵᠢᠭᠦᠯᠭᠡ ᠶᠢᠨ ᠠᠬᠤᠶ ᠪᠠᠶᠢᠳᠠᠯ᠂ ᠴᠢᠬᠤᠯᠠ ᠴᠢᠨᠠᠷ ᠵᠢᠴᠢ | ᠲᠥᠯᠥᠪᠵᠢᠭᠦᠯᠭᠡ ᠶᠢ ᠨᠡᠶᠢᠲᠡᠯᠡᠬᠦ ᠵᠣᠷᠢᠯᠭ᠎ᠠ ᠶᠢ ᠲᠣᠳᠣᠷᠬᠠᠶᠢᠯᠠᠪᠠ᠃ | ᠬᠤᠶᠠᠳᠤᠭᠠᠷ ᠪᠦᠯᠦᠭ᠂ ᠨᠤᠭᠤ ᠭᠠᠵᠠᠷ ᠤᠨ ᠡᠬᠢ ᠪᠠᠶᠠᠯᠢᠭ ᠤᠨ ᠣᠳᠣᠬᠢ ᠪᠠᠶᠢᠳᠠᠯ ᠵᠢᠴᠢ ᠦᠨᠡᠯᠡᠯᠲᠡ᠃ ᠮᠠᠨ ᠤ ᠬᠤᠲᠠ ᠶᠢᠨ ᠨᠤᠭᠤ ᠭᠠᠵᠠᠷ ᠤᠨ ᠡᠬᠢ | ᠪᠠᠶᠠᠯᠢᠭ ᠤᠨ ᠣᠳᠣᠬᠢ ᠪᠠᠶᠢᠳᠠᠯ ᠪᠠ ᠬᠠᠮᠢᠶᠠᠷᠤᠯᠲᠠ ᠶᠢᠨ ᠣᠳᠣᠬᠢ ᠪᠠᠶᠢᠳᠠᠯ ᠢ ᠡᠮᠬᠢᠯᠡᠪᠡ᠃ | ᠭᠤᠷᠪᠠᠳᠤᠭᠠᠷ ᠪᠦᠯᠦᠭ᠂ ᠲᠥᠯᠥᠪᠵᠢᠭᠦᠯᠭᠡ ᠶᠢᠨ ᠶᠡᠷᠦᠩᠬᠡᠢ ᠲᠦᠷᠢᠮ᠃ ᠵᠢᠯᠣᠭᠤᠳᠬᠤ ᠦᠵᠡᠯ ᠰᠠᠨᠠᠭ᠎ᠠ᠂ ᠲᠥᠯᠥᠪᠵᠢᠭᠦᠯᠭᠡ ᠶᠢᠨ ᠣᠶᠢᠯᠠᠭᠠᠭᠳᠠᠬᠤᠨ᠂ | ᠲᠥᠯᠥᠪᠵᠢᠭᠦᠯᠭᠡ ᠶᠢᠨ ᠵᠠᠷᠴᠢᠮ᠂ ᠲᠥᠯᠥᠪᠵᠢᠭᠦᠯᠭᠡ ᠶᠢᠨ ᠦᠨᠳᠦᠰᠦᠯᠡᠯ᠂ ᠲᠥᠯᠥᠪᠵᠢᠭᠦᠯᠭᠡ ᠶᠢᠨ ᠬᠤᠭᠤᠴᠠᠭ᠎ᠠ ᠪᠠ ᠬᠠᠷᠠᠯᠲᠠ ᠶᠢ ᠲᠣᠳᠣᠷᠬᠠᠶᠢᠯᠠᠵᠤ᠂ ᠬᠠᠷᠠᠯᠲᠠ | 2035 ᠣᠨ ᠪᠣᠯᠬᠤ ᠳᠤ ᠨᠤᠭᠤ ᠭᠠᠵᠠᠷ ᠤᠨ ᠬᠠᠮᠠᠭᠠᠯᠠᠯᠲᠠ ᠶᠢᠨ ᠨᠣᠷᠮ᠎ᠠ ᠶᠢ 45 % ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ | ᠳᠥᠷᠪᠡᠳᠦᠭᠡᠷ ᠪᠦᠯᠦᠭ᠂ ᠨᠤᠭᠤ ᠭᠠᠵᠠᠷ ᠤᠨ ᠠᠮᠢ ᠠᠬᠤᠢ ᠶᠢᠨ ᠣᠷᠣᠨ ᠵᠠᠶ ᠶᠢᠨ ᠲᠥᠯᠥᠪᠵᠢᠭᠦᠯᠭᠡ᠃ ᠣᠷᠣᠨ ᠵᠠᠶ ᠶᠢᠨ ᠪᠠᠶᠢᠷᠢᠰᠢᠭᠤᠯᠤᠯᠲᠠ ᠵᠢᠴᠢ | ᠣᠷᠣᠨ ᠬᠤᠪᠢᠶᠠᠷᠢᠯᠠᠯ ᠤᠨ ᠵᠠᠷᠴᠢᠮ᠂ ᠦᠨᠳᠦᠰᠦᠯᠡᠯ᠂ ᠲᠥᠰᠦᠯ ᠢ ᠲᠣᠭᠲᠠᠭᠠᠪᠠ᠃ | ᠲᠠᠪᠤᠳᠤᠭᠠᠷ ᠪᠦᠯᠦᠭ᠂ ᠨᠤᠭᠤ ᠭᠠᠵᠠᠷ ᠢ ᠬᠠᠮᠠᠭᠠᠯᠠᠬᠤ ᠰᠢᠰᠲ᠋ᠧᠮᠵᠢ ᠶᠢᠨ ᠲᠥᠯᠥᠪᠵᠢᠭᠦᠯᠭᠡ᠃ ᠨᠤᠭᠤ ᠭᠠᠵᠠᠷ ᠤᠨ ᠠᠮᠢ ᠠᠬᠤᠶ ᠶᠢᠨ ᠣᠷᠣᠨ ᠵᠠᠶ ᠶᠢ | ᠬᠠᠮᠢᠶᠠᠷᠤᠨ ᠡᠵᠡᠮᠳᠡᠬᠦ᠂ ᠣᠷᠣᠨ ᠲᠤᠭ᠎ᠠ ᠶᠢᠨ ᠳᠤᠲᠠᠮᠠᠭ ᠢ ᠬᠠᠮᠠᠭᠠᠯᠠᠬᠤ ᠵᠠᠳᠠᠯᠤᠯᠲᠠ᠂ ᠱᠠᠲᠤ ᠬᠤᠪᠢᠶᠠᠨ ᠬᠠᠮᠠᠭᠠᠯᠠᠬᠤ ᠰᠢᠰᠲ᠋ᠧᠮ᠂ ᠲᠥᠷᠥᠯ ᠬᠤᠪᠢᠶᠠᠨ | ᠬᠠᠮᠠᠭᠠᠯᠠᠬᠤ ᠰᠢᠰᠲ᠋ᠧᠮ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠳᠤᠷᠠᠳᠪᠠ᠃ | ᠵᠢᠷᠭᠤᠳᠤᠭᠠᠷ ᠪᠦᠯᠦᠭ᠂ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ ᠪᠠ ᠰᠡᠯᠪᠢᠬᠦ ᠲᠥᠯᠥᠪᠵᠢᠭᠦᠯᠭᠡ᠃ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ | ᠪᠠ ᠨᠤᠭᠤ ᠭᠠᠵᠠᠷ ᠤᠨ ᠠᠮᠢ ᠠᠬᠤᠶ ᠶᠢ ᠰᠡᠯᠪᠢᠬᠦ ᠬᠤᠶᠠᠷ ᠲᠠᠯ᠎ᠠ ᠶᠢᠨ ᠠᠭᠤᠯᠭ᠎ᠠ ᠶᠢ ᠲᠣᠭᠲᠠᠭᠠᠪᠠ᠃ | ᠳᠣᠯᠣᠳᠤᠭᠠᠷ ᠪᠦᠯᠦᠭ᠂ ᠨᠤᠭᠤ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠰᠢᠨᠵᠢᠬᠦ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ᠃ ᠨᠤᠭᠤ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ ᠪᠠ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠶᠢᠨ ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠃ | ᠨᠠᠢᠮᠠᠳᠤᠭᠠᠷ ᠪᠦᠯᠦᠭ᠂ ᠨᠤᠭᠤ ᠭᠠᠵᠠᠷ ᠢ ᠦᠷᠭᠦᠯᠵᠢᠯᠡᠨ ᠠᠰᠢᠭᠯᠠᠬᠤ ᠶᠢᠨ ᠵᠢᠱᠢᠶ᠎ᠡ ᠦᠵᠡᠭᠦᠯᠬᠦ ᠲᠥᠯᠥᠪᠵᠢᠭᠦᠯᠭᠡ᠃ ᠨᠤᠭᠤ ᠭᠠᠵᠠᠷ ᠤᠨ ᠠᠮᠢ ᠠᠬᠤᠶ ᠶᠢᠨ | ᠵᠢᠭᠤᠯᠴᠢᠯᠠᠯ᠂ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠲᠡᠵᠢᠭᠡᠨ ᠦᠷᠡᠵᠢᠭᠦᠯᠬᠦ ᠭᠤᠷᠪᠠᠨ ᠵᠢᠱᠢᠶ᠎ᠡ ᠦᠵᠡᠭᠦᠯᠬᠦ ᠢᠨᠵᠧᠨᠧᠷᠢᠩ ᠢ | ᠲᠣᠭᠲᠠᠭᠠᠪᠠ᠃ | ᠶᠢᠰᠦᠳᠦᠭᠡᠷ ᠪᠦᠯᠦᠭ᠂ ᠨᠤᠭᠤ ᠭᠠᠵᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠲᠥᠯᠥᠪᠵᠢᠭᠦᠯᠭᠡ᠃ ᠳᠦᠷᠢᠮ ᠤᠨ ᠪᠠᠶᠢᠭᠤᠯᠤᠯᠲᠠ᠂ ᠴᠢᠳᠠᠪᠤᠷᠢ ᠶᠢᠨ | ᠪᠠᠶᠢᠭᠤᠯᠤᠯᠲᠠ᠂ ᠤᠬᠠᠭᠤᠯᠭ᠎ᠠ ᠬᠥᠮᠦᠵᠢᠯ ᠢ ᠲᠣᠳᠣᠷᠬᠠᠶᠢᠯᠠᠪᠠ᠃ | ᠠᠷᠪᠠᠳᠤᠭᠠᠷ ᠪᠦᠯᠦᠭ᠂ ᠭᠤᠤᠯᠳᠠᠯᠭ᠎ᠠ ᠲᠠᠢ ᠢᠨᠵᠧᠨᠧᠷᠢᠩ ᠤᠨ ᠲᠥᠯᠥᠪᠵᠢᠭᠦᠯᠭᠡ᠃ ᠨᠤᠭᠤ ᠭᠠᠵᠠᠷ ᠢ ᠬᠠᠮᠠᠭᠠᠯᠠᠨ ᠳᠡᠭᠡᠭᠰᠢᠯᠡᠭᠦᠯᠬᠦ᠂ ᠠᠮᠢ ᠠᠬᠤᠶ ᠶᠢ | ᠰᠡᠷᠭᠦᠭᠡᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ ᠬᠢᠭᠡᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠵᠢᠴᠢ | ᠦᠷᠭᠦᠯᠵᠢᠯᠡᠨ ᠠᠰᠢᠭᠯᠠᠬᠤ ᠵᠢᠱᠢᠶ᠎ᠡ ᠦᠵᠡᠭᠦᠯᠬᠦ 4 ᠢᠨᠵᠧᠨᠧᠷᠢᠩ ᠢ ᠳᠤᠷᠠᠳᠪᠠ᠃ | ᠠᠷᠪᠠᠨ ᠨᠢᠭᠡᠳᠦᠭᠡᠷ ᠪᠦᠯᠦᠭ᠂ ᠪᠡᠯᠡ ᠣᠷᠣᠭᠤᠯᠤᠯᠲᠠ ᠶᠢᠨ ᠵᠢᠱᠢᠯᠲᠡ ᠪᠠ ᠦᠷ᠎ᠡ ᠠᠰᠢᠭ ᠤᠨ ᠵᠠᠳᠠᠯᠤᠯᠲᠠ᠃ ᠨᠤᠭᠤ ᠭᠠᠵᠠᠷ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠡᠯ᠎ᠡ ᠲᠥᠷᠥᠯ ᠵᠦᠢᠯ ᠢ ᠬᠡᠷᠡᠭᠵᠢᠭᠦᠯᠬᠦ ᠳᠤ ᠪᠠᠯᠠ ᠣᠷᠣᠭᠤᠯᠤᠯᠲᠠ ᠶᠢᠨ ᠵᠢᠱᠢᠯᠲᠡ ᠪᠠ ᠦᠷ᠎ᠡ ᠠᠰᠢᠭ ᠤᠨ ᠵᠠᠳᠠᠯᠤᠯᠲᠠ ᠬᠢᠪᠡ᠃ | ᠠᠷᠪᠠᠨ ᠬᠤᠶᠠᠳᠤᠭᠠᠷ ᠪᠦᠯᠦᠭ᠂ ᠪᠠᠲᠤᠯᠠᠬᠤ ᠠᠷᠭ᠎ᠠ ᠬᠡᠮᠵᠢᠶ᠎ᠡ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠲᠦᠷᠢᠮ ᠤᠨ ᠪᠠᠲᠤᠯᠠᠭ᠎ᠠ᠂ ᠪᠠᠯᠠ | ᠮᠥᠩᠭᠦ ᠶᠢᠨ ᠪᠠᠲᠤᠯᠠᠭ᠎ᠠ ᠪᠠ ᠮᠡᠷᠭᠡᠵᠢᠯ ᠤᠨ ᠪᠠᠲᠤᠯᠠᠭ᠎ᠠ ᠵᠡᠷᠭᠡ ᠳᠥᠷᠪᠡᠨ ᠲᠠᠯ᠎ᠠ ᠠᠴᠠ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ᠶᠢ ᠪᠣᠳᠠᠲᠠᠶᠢᠵᠢᠭᠤᠯᠤᠨ | ᠬᠡᠷᠡᠭᠵᠢᠭᠦᠯᠬᠦ ᠳᠤ ᠪᠠᠲᠤᠯᠠᠭ᠎ᠠ ᠬᠠᠩᠭᠠᠪᠠ᠃ | | | | | |