︽ᠤᠯᠠᠭᠠᠨᠬᠠᠳᠠ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠠᠷᠢᠶᠠᠯᠠᠩ ᠮᠠᠯ ᠠᠵᠤ ᠠᠬᠤᠶ ᠬᠥᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/18
      ᠨᠢᠭᠡ᠂ ᠲᠤᠭᠤᠷᠪᠢᠭᠰᠠᠨ ᠠᠬᠤᠢ ᠪᠠᠶᠢᠳᠠᠯ       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠠᠷᠢᠶᠠᠯᠠᠩ ᠮᠠᠯ ᠠᠵᠤ ᠠᠬᠤᠶ ᠬᠥᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠬᠥᠭᠵᠢᠯᠲᠡ ᠶᠢᠨ ᠲᠥᠯᠥᠪᠵᠢᠭᠦᠯᠭᠡ︾᠂ ︽ᠤᠯᠠᠭᠠᠨᠬᠠᠳᠠ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ︾᠎ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠣᠷᠴᠢᠨ ᠲᠣᠭᠤᠷᠢᠨ᠂ ᠰᠢᠨ᠎ᠡ ᠴᠠᠭ ᠦᠶ᠎ᠡ ᠳᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠪᠠ ᠠᠵᠠ ᠲᠣᠬᠢᠶᠠᠯ᠂ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠣᠳᠣᠬᠢ ᠪᠠᠶᠢᠳᠠᠯ᠂ ᠠᠵᠤ ᠦᠢᠯᠡᠰ ᠤᠨ ᠪᠦᠲᠦᠴᠡ᠂ ᠡᠬᠢ ᠪᠠᠶᠠᠯᠢᠭ ᠤᠨ ᠣᠭ ᠰᠤᠷᠪᠤᠯᠵᠢ᠂ ᠠᠮᠢ ᠠᠬᠤᠶ ᠶᠢᠨ ᠬᠢᠵᠠᠭᠠᠷᠯᠠᠯ ᠵᠡᠷᠭᠡ ᠡᠯ᠎ᠡ ᠲᠠᠯ᠎ᠠ ᠶᠢᠨ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠶᠢ ᠲᠣᠭᠲᠠᠭᠠᠪᠠ᠃ ᠳᠠᠪᠠᠭᠤᠯᠢᠭ ᠭᠤᠤᠯᠯᠠᠬᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠭᠤᠤᠯᠳᠠᠯᠭ᠎ᠠ ᠲᠠᠢ ᠳᠣᠪᠤᠶᠢᠯᠭᠠᠵᠤ᠂ ᠠᠵᠤ ᠦᠢᠯᠡᠰ ᠤᠨ ᠬᠡᠪᠴᠢᠶ᠎ᠡ ᠶᠢ ᠶᠡᠬᠡᠰᠬᠡᠨ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠂ ᠨᠠᠷᠠᠲᠤ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠨ᠂ ᠪᠠᠲᠤᠯᠠᠭ᠎ᠠ ᠲᠤᠯᠭᠠᠭᠤᠷᠢᠯᠠᠯ ᠢ ᠴᠢᠩᠭᠠᠳᠬᠠᠵᠤ᠂ ᠮᠠᠨ ᠤ ᠬᠤᠲᠠ ᠶᠢᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾᠎ ᠤ ᠠᠵᠢᠯ ᠤᠨ ᠭᠤᠤᠯᠳᠠᠯᠭ᠎ᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠰᠢᠯᠵᠢᠭᠦᠯᠵᠦ᠂ ᠮᠠᠯ ᠠᠵᠤ ᠠᠬᠤᠶ ᠲᠠᠷᠢᠶᠠᠯᠠᠩ ᠬᠥᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢ ᠤᠯᠠᠮ ᠨᠢᠭᠡ ᠠᠯᠬᠤᠮ ᠠᠬᠢᠭᠤᠯᠬᠤ ᠳᠤ ᠰᠢᠨ᠎ᠡ ᠰᠡᠳᠬᠢᠴᠡ ᠬᠠᠩᠭᠠᠨ᠎ᠠ᠃      ᠬᠤᠶᠠᠷ᠂ ᠲᠥᠯᠥᠪᠵᠢᠭᠦᠯᠭᠡ ᠶᠢᠨ ᠠᠭᠤᠯᠭ᠎ᠠ      ︽ᠲᠥᠯᠥᠪᠵᠢᠭᠦᠯᠭᠡ︾᠎ ᠨᠢ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠬᠥᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠬᠤ᠂ ᠲᠠᠷᠢᠶᠠᠴᠢᠨ ᠮᠠᠯᠴᠢᠳ ᠤᠨ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠬᠦ ᠭᠤᠷᠪᠠᠨ ᠶᠡᠭᠡ ᠭᠤᠣᠯ ᠡᠭᠦᠷᠭᠡ ᠶᠢᠨ ᠲᠣᠭᠤᠷᠢᠨ ᠳᠤ᠂ 18 ᠲᠠᠯ᠎ᠠ ᠶᠢᠨ ᠨᠡᠶᠢᠲᠡ 60 ᠵᠦᠢᠯ ᠤᠨ ᠭᠤᠣᠯᠳᠠᠯᠭ᠎ᠠ ᠲᠠᠢ ᠠᠵᠢᠯ ᠪᠣᠯᠤᠨ ᠪᠣᠳᠠᠲᠠᠶ ᠬᠠᠷᠠᠯᠲᠠ ᠶᠢ ᠳᠤᠷᠠᠳᠪᠠ᠃       ︵ᠨᠢᠭᠡ︶ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠎ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾᠎ ᠶᠢ ᠴᠢᠩᠭ᠎ᠠ ᠬᠠᠮᠢᠶᠠᠷᠤᠨ ᠡᠵᠡᠮᠳᠡᠵᠦ᠂ ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠳᠤ ᠭᠠᠵᠠᠷ ᠰᠢᠷᠣᠶ ᠳᠤ ᠲᠦᠰᠢᠭᠯᠡᠬᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠂ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ᠂ ᠪᠥᠬᠦ ᠬᠤᠲᠠ ᠶᠢᠨ ᠠᠮᠤ ᠪᠤᠳᠠᠭ᠎ᠠ ᠳᠠᠷᠢᠬᠤ ᠲᠠᠯᠠᠪᠠᠶ ᠶᠢ 1670 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 100 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠭᠡᠨ᠎ᠡ᠃ ᠡᠭᠦᠨ ᠤ ᠬᠠᠮᠲᠤ᠂ ᠤᠯᠤᠰ ᠤᠨ ᠴᠢᠬᠤᠯᠠ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠠᠭᠤᠷᠢᠨ ᠭᠠᠵᠠᠷ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠵᠤ᠂ 2025 ᠣᠨ ᠪᠣᠯᠬᠤ ᠳᠤ᠂ ᠢᠳᠡᠰᠢᠨ ᠨᠣᠭᠤᠭ᠎ᠠ᠂ ᠮᠢᠬᠠᠨ ᠤ ᠵᠦᠢᠯ᠂ ᠵᠢᠭᠦᠷᠲᠡᠨ ᠤ ᠥᠨᠳᠡᠭᠡ᠂ ᠰᠦ ᠶᠢᠨ ᠵᠦᠢᠯ᠂ ᠤᠰᠤᠨ ᠭᠠᠷᠤᠯᠲᠠ ᠶᠢᠨ ᠶᠡᠷᠦᠩᠬᠡᠶ ᠬᠡᠮᠵᠢᠶ᠎ᠡ ᠶᠢ ᠲᠤᠰᠪᠤᠷᠢ 850 ᠲᠦᠮᠡᠨ ᠲᠣᠨ᠂ 105 ᠲᠦᠮᠡᠨ ᠲᠣᠨ᠂ 39 ᠲᠦᠮᠡᠨ ᠲᠣᠨ᠂ 100 ᠲᠦᠮᠡᠨ ᠲᠣᠨ ᠪᠠ 1.3 ᠲᠦᠮᠡᠨ ᠲᠣᠨ ᠳᠤ ᠬᠦᠷᠦᠭᠦᠯᠦᠨ᠎ᠡ᠃       ︵ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠤᠨ᠎ᠠ᠃ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠠᠷᠢᠵᠤ ᠲᠡᠵᠢᠭᠡᠬᠦ ᠪᠦᠲᠦᠴᠡ ᠶᠢ ᠭᠤᠣᠯᠳᠠᠯᠭ᠎ᠠ ᠲᠠᠢ ᠲᠤᠬᠢᠷᠠᠭᠤᠯᠤᠨ ᠰᠢᠯᠢᠳᠡᠭᠵᠢᠭᠦᠯᠵᠦ᠂ ᠠᠵᠤ ᠦᠢᠯᠡᠰ ᠤᠨ ᠣᠷᠣᠨ ᠪᠦᠰᠡ ᠶᠢᠨ ᠪᠠᠢᠷᠢᠰᠢᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ 14 ᠪᠦᠰᠡ ᠶᠢ ᠪᠦᠲᠦᠭᠡᠨ ᠪᠠᠶᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ︵ᠭᠤᠷᠪᠠ︶ ᠲᠠᠷᠢᠶᠠᠨ ᠭᠠᠵᠠᠷ ᠤᠨ ᠬᠠᠮᠠᠭᠠᠯᠠᠯᠲᠠ ᠬᠢᠭᠡᠳ ᠶᠠᠰᠤ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠠᠯᠠᠪᠠᠢ ᠶᠢ ᠪᠠᠲᠤ ᠰᠠᠬᠢᠨ᠎ᠠ᠃ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠰᠢᠨᠵᠢᠬᠦ ᠲᠤᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠬᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠂ ᠲᠠᠷᠢᠶᠠᠨ ᠭᠠᠵᠠᠷ ᠤᠨ ᠶᠠᠰᠤ ᠴᠢᠨᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠠᠴᠢᠷᠳᠠᠭᠰᠠᠨ ᠲᠠᠷᠢᠶᠠᠨ ᠭᠠᠵᠠᠷ ᠢ ᠵᠠᠰᠠᠬᠤ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃       ︵ᠳᠥᠷᠪᠡ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠤᠨ ᠠᠵᠢᠯᠯᠠᠭᠠᠨ ᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠬᠤᠯᠠ ᠶᠡᠭᠡ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠨᠥᠭᠡᠴᠡᠯᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠵᠢᠴᠢ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠲᠦᠷᠭᠡᠳᠬᠡᠨ᠎ᠡ᠃ ᠣᠳᠣ ᠦᠶ᠎ᠡ ᠶᠢᠨ ᠦᠷ᠎ᠡ ᠶᠢᠨ ᠦᠢᠯᠡᠰ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ᠂ ᠣᠶᠤᠨᠴᠢ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃       ︵ᠲᠠᠪᠤ︶ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠶᠢ ᠠᠬᠢᠭᠤᠯᠤᠨ᠎ᠠ᠃ ᠪᠠᠷᠢᠮᠵᠢᠶ᠎ᠠ ᠥᠬᠡᠶ ᠪᠣᠯ ᠪᠠᠷᠢᠮᠵᠢᠶ᠎ᠠ ᠲᠣᠭᠲᠠᠭᠠᠬᠤ᠂ ᠪᠠᠷᠢᠮᠵᠢᠶ᠎ᠠ ᠲᠠᠢ ᠪᠣᠯ ᠪᠠᠷᠢᠮᠵᠢᠶ᠎ᠠ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠢ ᠡᠭᠦᠳᠦᠨ ᠪᠠᠶᠢᠭᠤᠯᠬᠤ ᠠᠵᠢᠯ ᠢ ᠶᠡᠬᠡᠪᠡᠷ ᠥᠷᠨᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠬᠦᠨ ᠢ ᠰᠢᠯᠭᠠᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠳᠣᠲᠣᠭᠠᠳᠤ ᠳᠠᠭᠠᠨ ᠰᠡᠷᠭᠡᠶᠢᠯᠡᠨ ᠭᠠᠳᠠᠨ᠎ᠠ ᠠᠴᠠ ᠬᠢᠵᠠᠭᠠᠷᠯᠠᠬᠤ ᠶᠢ ᠪᠠᠷᠢᠮᠲᠠᠯᠠᠨ᠂ ᠲᠡᠵᠢᠭᠡᠨ ᠦᠷᠡᠵᠢᠭᠦᠯᠬᠦ᠂ ᠲᠡᠭᠡᠭᠡᠪᠦᠷᠢᠯᠡᠬᠦ ᠂ ᠨᠢᠲᠤᠯᠬᠤ᠂ ᠠᠷᠠᠯᠵᠢᠶᠠᠯᠠᠬᠤ᠂ ᠲᠤᠰᠠᠭᠠᠷᠯᠠᠬᠤ᠂ ᠬᠤᠤᠷ ᠥᠬᠡᠶᠢᠳᠡᠭᠦᠯᠦᠨ ᠰᠢᠢᠳᠪᠦᠷᠢᠯᠡᠬᠦ ᠵᠡᠷᠭᠡ ᠭᠤᠤᠯᠳᠠᠯᠭ᠎ᠠ ᠲᠠᠢ ᠭᠤᠭᠴᠤᠭ᠎ᠠ ᠳᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠦᠨ᠎ᠡ᠃      ︵ᠵᠢᠷᠭᠤᠭ᠎ᠠ︶ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ ᠬᠥᠲᠥᠴᠢ ᠠᠵᠤ ᠠᠬᠤᠶᠢᠯᠠᠯ ᠤᠨ ᠲᠠᠷᠢᠶᠠᠯᠠᠩ ᠲᠠᠢ ᠬᠤᠯᠪᠣᠭᠠᠯᠠᠨ ᠲᠠᠷᠢᠶᠠᠯᠠᠩ ᠢ ᠳᠠᠶᠢᠴᠢᠯᠠᠵᠤ ᠬᠠᠮᠵᠢᠯᠴᠠᠨ ᠬᠥᠭᠵᠢᠬᠦ ᠶᠢ ᠳᠡᠮᠵᠢᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠪᠠ ᠲᠠᠷᠢᠶᠠᠯᠠᠩ ᠤᠨ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠦᠢᠯᠡᠰ ᠤᠨ ᠳᠠᠪᠠᠭᠤᠯᠢᠭ ᠪᠣᠯᠤᠨ ᠪᠠᠷᠠᠭ᠎ᠠ ᠶᠢᠨ ᠭᠦᠢᠯᠭᠡᠭᠡᠨ ᠤ ᠵᠠᠩᠭᠢᠯᠠᠭ᠎ᠠ ᠴᠡᠭ ᠲᠤ ᠲᠦᠰᠢᠭᠯᠡᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠥᠭᠡᠭᠳᠡᠬᠦᠨ ᠢ ᠪᠥᠭᠡᠮ ᠢᠶᠠᠷ ᠬᠤᠳᠠᠯᠳᠤᠬᠤ ᠠᠷᠠᠯᠵᠢᠶᠠᠨ ᠤ ᠨᠢᠭᠡ ᠪᠦᠯᠦᠭ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠪᠠ ᠥᠭᠡᠷᠡᠴᠢᠯᠡᠨ᠎ᠡ᠃ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠶᠢ ᠲᠦᠷᠭᠡᠳᠬᠡᠨ ᠬᠥᠭᠵᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠬᠢᠭᠡᠳ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃       ︵ᠳᠣᠯᠤᠭ᠎ᠠ︶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠷᠡᠲᠦ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠬᠤᠲᠠ ᠶᠢᠨ ᠱᠠᠲᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠬᠠᠮᠢᠶᠠᠷᠤᠯᠲᠠ ᠶᠢᠨ ᠠᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠪᠢᠶᠠᠷᠢ ᠨᠡᠷᠡᠲᠦ ᠲᠡᠮᠳᠡᠭ ᠤᠨ ᠪᠦᠷᠢᠯᠳᠦᠴᠡ ᠶᠢ ᠲᠡᠭᠦᠯᠳᠡᠷᠵᠢᠭᠦᠯᠦᠨ᠂ ︽ᠤᠯᠠᠭᠠᠨᠬᠠᠳᠠ ᠶᠢᠨ ᠣᠬᠢ ᠰᠢᠮ᠎ᠡ︾᠎ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠤᠨ᠎ᠠ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠡᠵᠡᠩᠨᠡᠯᠲᠡ ᠶᠢ ᠲᠦᠷᠭᠡᠳᠬᠡᠵᠦ᠂ ᠠᠵᠤ ᠠᠬᠤᠶᠢᠯᠠᠯ ᠤᠨ ᠨᠡᠷᠡᠲᠦ ᠲᠡᠮᠳᠡᠭ ᠪᠠ ᠦᠢᠯᠡᠳᠬᠦᠨ ᠤ ᠨᠡᠷᠡᠲᠦ ᠲᠡᠮᠳᠡᠭ ᠢ ᠡᠭᠦᠳᠦᠨ ᠪᠠᠶᠢᠭᠤᠯᠵᠤ᠂ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠪᠥᠬᠦ ᠬᠦᠴᠦᠨ ᠢᠶᠠᠷ ᠳᠡᠭᠡᠭᠰᠢᠯᠡᠭᠦᠯᠦᠨ᠎ᠡ᠃       ︵ᠨᠠᠢᠮᠠ︶ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃ ᠪᠣᠬᠢᠷᠲᠤᠯ ᠦᠭᠡᠢ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠲᠦᠷᠭᠡᠪᠴᠢᠯᠡᠨ ᠬᠡᠷᠡᠭᠵᠢᠭᠦᠯᠵᠦ᠂ ᠲᠠᠷᠢᠶᠠᠯᠠᠩ ᠳᠤ ᠣᠷᠣᠭᠤᠯᠬᠤ ᠡᠳ᠋ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠪᠦᠲᠦᠮᠵᠢᠲᠡᠢ ᠬᠤᠷᠢᠭᠯᠠᠨ᠎ᠠ᠃ ᠲᠠᠷᠢᠶᠠᠯᠠᠩ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠂ ᠪᠣᠷᠣᠭᠠᠨ ᠢᠶᠠᠷ ᠲᠡᠵᠢᠭᠡᠬᠦ ᠲᠠᠷᠢᠶᠠᠯᠠᠩ ᠢ ᠬᠥᠭᠵᠢᠭᠦᠯᠵᠦ᠂ ᠲᠦᠷᠦᠯ ᠵᠦᠢᠯ ᠤᠨ ᠤᠰᠤ ᠠᠷᠪᠢᠯᠠᠬᠤ᠂ ᠢᠨᠵᠧᠨᠧᠷᠢᠩ ᠤᠨ ᠤᠰᠤ ᠠᠷᠪᠢᠯᠠᠬᠤ ᠶᠢ ᠲᠦᠯᠬᠢᠨ ᠠᠬᠢᠭᠤᠯᠤᠨ᠎ᠠ᠃       ᠲᠠᠷᠢᠶᠠᠯᠠᠩ ᠮᠠᠯ ᠠᠵᠤ ᠠᠬᠤᠶ ᠬᠥᠳᠡᠭᠡ ᠲᠤᠰᠬᠤᠨ ᠮᠠᠯᠵᠢᠬᠤ ᠣᠷᠣᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠠᠬᠢᠭᠤᠯᠵᠤ᠂ ᠠᠮᠢ ᠠᠬᠤᠶ ᠶᠢᠨ ᠡᠷᠬᠢᠯᠳᠡᠳᠤ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠦᠨ᠂ ᠬᠥᠳᠡᠭᠡ ᠲᠤᠰᠬᠤᠨ ᠮᠠᠯᠵᠢᠬᠤ ᠣᠷᠣᠨ ᠤ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠨ᠎ᠡ᠃      ︵ᠶᠢᠰᠦ︶ ᠲᠠᠷᠢᠶᠠᠯᠠᠩ ᠮᠠᠯ ᠠᠵᠤ ᠠᠬᠤᠶ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ ᠬᠥᠭᠵᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ ᠭᠠᠮᠰᠢᠭ ᠤᠨ ᠬᠤᠬᠢᠷᠠᠯ ᠢ ᠪᠠᠭᠠᠰᠬᠠᠬᠤ ᠦᠢᠯᠡᠳᠦᠯ ᠢ ᠪᠠᠳᠠᠷᠠᠭᠤᠯᠤᠨ᠎ᠠ᠃ ᠠᠮᠢᠲᠠᠨ ᠤ ᠬᠢᠵᠢᠭ ᠰᠡᠷᠭᠡᠶᠢᠯᠡᠬᠦ ᠪᠠ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠰᠢᠰᠲ᠋ᠧᠮᠵᠢ ᠶᠢ ᠪᠦᠷᠢᠨᠰᠢᠭᠦᠯᠵᠦ᠂ ᠪᠠᠶᠢᠭᠠᠯᠢ ᠶᠢᠨ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠰᠦᠯᠵᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠪᠠᠴᠢᠮ ᠪᠠᠶᠢᠳᠠᠯ ᠢ ᠠᠷᠭᠠᠴᠠᠬᠤ ᠨᠥᠭᠡᠴᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠶᠤᠯᠭᠦᠢ ᠶᠢ ᠪᠠᠲᠤᠯᠠᠨ᠎ᠠ᠃       ︵ᠠᠷᠪᠠ︶ ᠬᠥᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ᠎ᠡ᠃ ︽ᠴᠡᠭ ᠢᠶᠠᠷ ᠨᠡᠶᠢᠳᠡᠮ ᠢ ᠳᠠᠶᠢᠴᠢᠯᠠᠬᠤ᠂ ᠱᠠᠲᠤᠯᠢᠭ ᠢᠶᠠᠷ ᠠᠬᠢᠭᠤᠯᠬᠤ︾ ᠰᠡᠳᠬᠢᠴᠡ ᠶᠣᠰᠣᠭᠠᠷ᠂ ᠠᠷᠤ ᠬᠤᠷᠴᠢᠨ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠲᠦᠷᠭᠡᠳᠬᠡᠨ ᠠᠬᠢᠭᠤᠯᠵᠤ᠂ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠳ᠋ᠦᠩᠨᠡᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠵᠠᠮ ᠤᠨ ᠰᠣᠩᠭᠤᠯᠲᠠ ᠶᠢ ᠪᠠᠶᠠᠯᠢᠭᠵᠢᠭᠤᠯᠵᠤ᠂ ᠲᠤᠷᠰᠢᠯᠲᠠ ᠶᠢᠨ ᠴᠡᠭ ᠤᠨ ᠠᠯᠬᠤᠮ ᠠᠯᠬᠤᠮ ᠢᠶᠠᠷ ᠥᠷᠭᠡᠳᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠢᠩᠴᠧᠩ ᠰᠢᠶᠠᠨ ᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠪᠥᠬᠦ ᠬᠤᠲᠠ ᠶᠢᠨ ᠲᠠᠷᠢᠶᠠᠯᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠦᠵᠡᠭᠦᠯᠦᠨ᠎ᠡ᠃       ︵ᠠᠷᠪᠠᠨ ᠨᠢᠭᠡ︶ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠬᠥᠳᠡᠭᠡ ᠲᠤᠰᠬᠤᠨ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ ᠰᠦᠯᠵᠢᠶ᠎ᠡ ᠶᠢᠨ ᠰᠢᠰᠲ᠋ᠧᠮᠵᠢ ᠶᠢ ᠪᠠᠶᠢᠭᠤᠯᠤᠨ᠂ ᠬᠥᠳᠡᠭᠡ ᠲᠤᠰᠬᠤᠨ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠲᠠᠰ ᠳᠡᠪᠰᠢᠬᠦ ᠶᠢ ᠠᠬᠢᠭᠤᠯᠤᠨ᠎ᠠ᠃ ᠬᠥᠳᠡᠭᠡ ᠲᠤᠰᠬᠤᠨ ᠮᠠᠯᠵᠢᠬᠤ ᠣᠷᠣᠨ ᠤ ᠵᠣᠷᠯᠣᠩ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠤᠰᠬᠤᠨ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠤᠰᠤ ᠪᠠ ᠬᠤᠭ ᠨᠣᠪᠰᠢ ᠶᠢ ᠰᠢᠢᠳᠪᠦᠷᠢᠯᠡᠬᠦ ᠶᠢ ᠱᠠᠲᠤ ᠳᠠᠷᠠᠭᠠᠯᠠᠨ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠤᠨ᠎ᠠ᠃ ᠲᠣᠭᠠᠴᠢᠯᠠᠭᠰᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠲᠣᠭᠠᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠡᠰᠡᠭᠴᠢᠯᠡᠭᠰᠡᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃      ︵ᠠᠷᠪᠠᠨ ᠬᠤᠶᠠᠷ︶ ᠬᠥᠳᠡᠭᠡ ᠲᠤᠰᠬᠤᠨ ᠮᠠᠯᠵᠢᠬᠤ ᠣᠷᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠳᠡᠭᠡ ᠲᠤᠰᠬᠤᠨ ᠮᠠᠯᠵᠢᠬᠤ ᠣᠷᠣᠨ ᠤ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠬᠥᠭᠵᠢᠭᠦᠯᠵᠦ᠂ ᠲᠣᠰᠬᠤᠨ ᠤ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃       ︵ᠠᠷᠪᠠᠨ ᠭᠤᠷᠪᠠ︶ ᠬᠥᠳᠡᠭᠡ ᠲᠣᠰᠬᠤᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃ ᠵᠠᠩ ᠳᠠᠳᠬᠠᠯ ᠢ ᠥᠭᠡᠷᠡᠴᠢᠯᠡᠬᠦ ᠠᠵᠢᠯᠯᠠᠭᠠᠨ ᠢ ᠭᠦᠨᠵᠡᠭᠡᠢ ᠥᠷᠨᠢᠭᠦᠯᠵᠦ᠂ ᠬᠥᠳᠡᠭᠡ ᠶᠢᠨ ᠪᠣᠯᠪᠠᠰᠤᠨ ᠰᠤᠷᠲᠠᠯ ᠤᠨ ᠪᠠᠶᠢᠭᠤᠯᠤᠯᠲᠠ ᠶᠢ ᠪᠤᠶᠢᠵᠢᠭᠤᠯᠤᠨ᠎ᠠ᠃ ᠪᠠᠯᠭᠠᠰᠤ ᠲᠣᠰᠬᠤᠨ ᠤ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ᠂ ᠲᠣᠰᠬᠤᠨ ᠤ ᠲᠡᠦᠬᠡ ᠶᠢᠨ ᠣᠷᠳᠣᠨ᠂ ᠠᠷᠠᠳ ᠤᠨ ᠵᠠᠩ ᠦᠢᠯᠡ ᠶᠢᠨ ᠣᠷᠳᠣᠨ ᠵᠡᠷᠭᠡ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠯ᠎ᠡ ᠲᠥᠷᠥᠯ ᠤᠨ ᠰᠣᠶᠣᠯ ᠤᠨ ᠠᠵᠢᠯᠯᠠᠭᠠᠨ ᠢ ᠰᠠᠶᠢᠲᠤᠷ ᠡᠷᠬᠢᠯᠡᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠡᠬᠡ ᠣᠷᠣᠨᠴᠢ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠨᠤᠲᠤᠭ ᠤᠨ ᠮᠡᠷᠭᠡᠳ ᠤᠨ ᠣᠷᠳᠣᠨ᠂ ᠲᠠᠷᠢᠶᠠᠯᠠᠬᠤ ᠰᠣᠶᠣᠯ ᠤᠨ ᠦᠵᠡᠭᠦᠯᠦᠯᠭᠡ ᠶᠢᠨ ᠣᠷᠳᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠤᠨ᠎ᠠ᠃       ︵ᠠᠷᠪᠠᠨ ᠳᠥᠷᠪᠡ︶ ᠬᠥᠳᠡᠭᠡ ᠲᠣᠰᠬᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠨᠠᠮ ᠤᠨ ᠬᠥᠳᠡᠭᠡ ᠲᠤᠰᠬᠤᠨ ᠮᠠᠯᠵᠢᠬᠤ ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠣᠯᠠᠨ ᠰᠦᠯᠵᠢᠶ᠎ᠡ ᠶᠢ ᠨᠡᠶᠢᠯᠡᠭᠦᠯᠦᠨ ᠨᠢᠭᠡ ᠪᠣᠯᠭᠠᠬᠤ︾ ︽ᠨᠢᠭᠡ ᠥᠷᠲᠡᠭᠡ ᠮᠠᠶ᠋ᠢᠭ︾ ︽ᠨᠢᠭᠡ ᠡᠭᠦᠳᠡ ᠮᠠᠶ᠋ᠢᠭ︾᠎ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠪᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃       ︵ᠠᠷᠪᠠᠨ ᠲᠠᠪᠤ︶ ᠬᠥᠳᠡᠭᠡ ᠲᠤᠰᠬᠤᠨ ᠮᠠᠯᠵᠢᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠥᠳᠡᠭᠡ ᠲᠤᠰᠬᠤᠨ ᠮᠠᠯᠵᠢᠬᠤ ᠣᠷᠣᠨ ᠤ ᠭᠠᠵᠠᠷ ᠰᠢᠷᠣᠶ᠂ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠭᠠᠭᠠᠴᠢᠯᠠᠭᠰᠠᠨ ᠭᠠᠵᠠᠷ ᠰᠢᠷᠣᠶ ᠶᠢᠨ ︽ᠭᠤᠷᠪᠠᠨ ᠡᠷᠬᠡ ᠶᠢ ᠰᠠᠯᠭᠠᠬᠤ︾ ᠲᠦᠷᠢᠮ ᠢ ᠨᠠᠶᠢᠳᠠᠪᠤᠷᠢᠵᠢᠭᠤᠯᠤᠨ᠂ ᠭᠠᠵᠠᠷ ᠰᠢᠷᠣᠶ ᠶᠢ ᠰᠢᠯᠵᠢᠭᠦᠯᠬᠦ ᠶᠢ ᠵᠢᠷᠤᠮᠵᠢᠭᠤᠯᠤᠨ ᠬᠠᠮᠢᠶᠠᠷᠬᠤ ᠲᠦᠷᠢᠮ ᠢ ᠪᠦᠷᠢᠨᠰᠢᠬᠦᠯᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠦᠨ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠲᠠᠷᠢᠶᠠᠯᠠᠩ ᠤᠨ ᠠᠵᠤ ᠦᠶᠢᠯᠡᠰᠵᠢᠭᠰᠡᠨ ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠵᠤ᠂ ᠬᠥᠳᠡᠭᠡ ᠲᠤᠰᠬᠤᠨ ᠮᠠᠯᠵᠢᠬᠤ ᠣᠷᠣᠨ ᠤ ᠥᠮᠴᠢᠯᠡᠯ ᠤᠨ ᠡᠷᠬᠡ ᠶᠢ ᠰᠢᠯᠵᠢᠭᠦᠯᠬᠦ ᠠᠷᠠᠯᠵᠢᠶᠠᠨ ᠤ ᠲᠠᠪᠴᠠᠩ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠠᠲᠠᠷ ᠬᠠᠭᠠᠯᠪᠤᠷᠢᠯᠠᠯᠲᠠ ᠶᠢᠨ ᠨᠡᠶᠢᠭᠡᠮ ᠤᠨ ᠡᠭᠦᠷᠭᠡ ᠴᠢᠳᠠᠪᠤᠷᠢ ᠶᠢ ᠭᠦᠢᠴᠡᠳᠬᠡᠬᠦ ᠥᠭᠡᠷᠡᠴᠢᠯᠡᠯᠲᠡ ᠶᠢᠨ ᠦᠯᠡᠳᠡᠭᠳᠡᠯ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠬᠦᠴᠢᠷᠳᠡᠯᠲᠡᠶ ᠲᠠᠷᠢᠶᠠᠯᠠᠩ ᠤᠨ ᠲᠠᠯᠠᠪᠠᠶ᠂ ᠠᠮᠢ ᠠᠬᠤᠶ ᠬᠡᠪᠡᠷᠡᠭ ᠣᠷᠣᠨ ᠤ ᠲᠠᠷᠢᠶᠠᠯᠠᠩ ᠤᠨ ᠲᠠᠯᠠᠪᠠᠶ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃       ︵ᠠᠷᠪᠠᠨ ᠵᠢᠷᠭᠤᠭ᠎ᠠ︶ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠨᠢᠭᠡᠳᠦᠭᠡᠷ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠢᠭᠡᠳᠦᠭᠡᠷ ᠠᠵᠤ ᠦᠢᠯᠡᠰ ᠤᠨ ᠬᠦᠴᠦᠷᠬᠡᠭ᠂ ᠬᠤᠶᠠᠳᠤᠭᠠᠷ ᠠᠵᠤ ᠦᠢᠯᠡᠰ ᠤᠨ ᠰᠢᠯᠢᠳᠡᠭ᠂ ᠭᠤᠷᠪᠠᠳᠤᠭᠠᠷ ᠠᠵᠤ ᠦᠢᠯᠡᠰ ᠤᠨ ᠠᠮᠢᠳᠤᠯᠢᠭ ᠪᠠᠶᠢᠬᠤ ᠶᠢ ᠪᠡᠶᠡᠯᠡᠭᠦᠯᠦᠨ᠎ᠡ᠃ ᠮᠠᠯᠴᠢᠨ ᠲᠠᠷᠢᠶᠠᠴᠢᠨ ᠤ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠬᠤᠷᠰᠢᠶ᠎ᠠ ᠪᠠ ᠵᠢᠵᠢᠭ ᠪᠢᠴᠢᠯ ᠠᠵᠤ ᠠᠬᠤᠶᠢᠯᠠᠯ ᠢ ᠡᠭᠦᠳᠦᠨ ᠡᠷᠭᠢᠯᠡᠬᠦ ᠪᠠ ᠳᠠᠭᠠᠭᠤᠯᠤᠨ ᠡᠷᠭᠢᠯᠡᠬᠦ ᠶᠢ ᠳᠡᠮᠵᠢᠵᠦ᠂ ᠲᠥᠬᠦᠭᠡᠷᠦᠮᠵᠢᠲᠦ ᠲᠠᠷᠢᠶᠠᠯᠠᠩ᠂ ᠬᠡᠪᠴᠢᠶᠡᠲᠦ ᠳᠠᠷᠢᠵᠤ ᠲᠡᠵᠢᠭᠡᠬᠦ ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ᠂ ᠵᠠᠩ ᠦᠢᠯᠡ ᠦᠨᠳᠦᠰᠦᠲᠡᠨ ᠤ ᠭᠠᠷ ᠤᠷᠠᠯᠠᠯ ᠤᠨ ᠠᠵᠤ ᠦᠢᠯᠡᠰ᠂ ᠰᠡᠯᠡᠭᠦᠴᠡᠯ ᠤᠨ ᠲᠠᠷᠢᠶᠠᠯᠠᠩ ᠬᠢᠭᠡᠳ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠶᠢ ᠬᠥᠭᠵᠢᠭᠦᠯᠦᠨ᠎ᠡ᠃ ᠣᠯᠠᠨ ᠵᠦᠢᠯ ᠤᠨ ᠠᠰᠢᠭ ᠲᠤᠰᠠ ᠶᠢ ᠬᠤᠯᠪᠣᠭᠳᠠᠭᠤᠯᠬᠤ ᠬᠡᠯᠪᠡᠷᠢ ᠶᠢ ᠲᠦᠷᠭᠡᠳᠬᠡᠨ ᠳᠡᠯᠭᠡᠷᠡᠭᠦᠯᠵᠦ᠂ ᠬᠥᠲᠥᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢ ᠭᠦᠨᠵᠡᠭᠡᠶᠢᠷᠡᠭᠦᠯᠦᠨ᠎ᠡ᠃ ᠨᠢᠭᠡ ᠪᠦᠯᠦᠭ ᠲᠥᠪᠯᠡᠷᠡᠭᠦᠯᠦᠨ ᠦᠢᠯᠡᠳᠪᠦᠷᠢᠯᠡᠵᠦ ᠡᠳ᠋ᠰᠢᠭᠦᠯᠵᠦ ᠪᠣᠷᠣᠯᠠᠭᠤᠯᠬᠤ᠂ ᠠᠮᠢ ᠠᠬᠤᠶ ᠪᠠᠷ ᠲᠣᠭᠤᠷᠢᠨ ᠦᠵᠡᠬᠦ᠂ ᠰᠡᠯᠡᠭᠦᠴᠡᠨ ᠪᠡᠶ᠎ᠡ ᠰᠤᠪᠢᠯᠠᠬᠤ ᠶᠢ ᠨᠢᠭᠡ ᠴᠣᠠᠠᠴᠠᠵᠢᠭᠤᠯᠥᠠᠠᠰᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠠᠰᠢᠭ ᠣᠷᠣᠯᠭ᠎ᠠ ᠶᠢ ᠳᠡᠭᠡᠭᠰᠢᠯᠡᠭᠦᠯᠦᠨ᠎ᠡ᠃        ︵ᠠᠷᠪᠠᠨ ᠳᠣᠯᠤᠭ᠎ᠠ︶ ᠮᠠᠯᠴᠢᠨ ᠲᠠᠷᠢᠶᠠᠴᠢᠨ ᠤ ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠨ ᠤ ᠬᠥᠮᠦᠵᠢᠯ ᠪᠣᠯᠪᠠᠰᠤᠷᠠᠯ ᠤᠨ ᠰᠢᠰᠲ᠋ᠧᠮ ᠢ ᠪᠦᠷᠢᠨᠰᠢᠬᠦᠯᠵᠤ᠂ ᠬᠥᠮᠦᠵᠢᠯ ᠪᠣᠯᠪᠠᠰᠤᠷᠠᠯ ᠤᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠤᠨ᠎ᠠ᠃ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠲᠦᠷᠭᠡᠨ ᠪᠤᠶᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠵᠢᠯ ᠪᠦᠷᠢ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ 3000 ᠬᠥᠮᠦᠨ ᠠᠴᠠ ᠳᠡᠭᠡᠭᠰᠢ ᠬᠥᠮᠦᠵᠢᠭᠦᠯᠦᠨ᠎ᠡ᠃       ︵ᠠᠷᠪᠠᠨ ᠨᠠᠢᠮᠠ︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠤᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠤ᠂ ᠲᠠᠬᠢᠨ ᠶᠠᠳᠠᠭᠤᠷᠠᠬᠤ ᠠᠰᠠᠭᠤᠳᠠᠯ ᠭᠠᠷᠬᠤ ᠶᠢ ᠪᠦᠲᠦᠮᠵᠢᠲᠡᠢ ᠰᠡᠷᠭᠡᠶᠢᠯᠡᠨ᠎ᠡ᠃ ᠡᠳ᠋ ᠤᠨ ᠵᠠᠰᠠᠭ ᠤᠨ ᠣᠷᠣᠭᠤᠯᠤᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠭᠠᠵᠠᠷ ᠰᠢᠷᠣᠢ ᠶᠢᠨ ᠳᠡᠮᠵᠢᠯᠭᠡ᠂ ᠴᠢᠳᠠᠪᠤᠷᠢᠲᠠᠨ ᠤ ᠤᠶᠤᠨ ᠤ ᠳᠡᠮᠵᠢᠯᠭᠡ ᠵᠡᠷᠭᠡ ᠲᠦᠷᠦ ᠶᠢᠨ ᠪᠤᠳᠤᠯᠭ᠎ᠠ ᠶᠢ ᠰᠢᠯᠢᠳᠡᠭᠵᠢᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠥᠭᠵᠢᠯᠲᠡ ᠶᠢᠨ ᠰᠠᠭᠤᠷᠢ ᠶᠢ ᠳᠡᠭᠡᠭᠰᠢᠯᠡᠭᠦᠯᠵᠦ᠂ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠤ ᠰᠢᠯᠵᠢᠯᠲᠡ ᠶᠢᠨ ᠬᠤᠭᠤᠴᠠᠭᠠᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠢᠵᠦ ᠪᠠᠶᠢᠭᠰᠠᠨ ᠠᠴᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠡᠶᠢᠰᠢ ᠠᠯᠬᠤᠮ ᠠᠯᠬᠤᠮ ᠢᠶᠠᠷ ᠲᠣᠭᠲᠠᠭᠤᠨ ᠢᠶᠠᠷ ᠰᠢᠯᠵᠢᠭᠦᠯᠦᠨ᠎ᠡ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ