︽ᠤᠯᠠᠭᠠᠨᠬᠠᠳᠠ ᠬᠤᠲᠠ ᠶᠢᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/19
      ᠰᠢᠨ᠎ᠡ ᠪᠣᠬᠢᠷᠲᠤᠯ ᠪᠣᠳᠠᠰ ᠢ ᠵᠠᠰᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ︽ᠤᠯᠠᠭᠠᠨᠬᠠᠳᠠ ᠬᠤᠲᠠ ᠶᠢᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠲᠤᠭᠤᠷᠪᠢᠪᠠ᠃       ᠨᠢᠭᠡ᠂ ᠰᠢᠨ᠎ᠡ ᠪᠣᠬᠢᠷᠲᠤᠯ ᠪᠣᠳᠠᠰ ᠤᠨ ᠲᠣᠳᠤᠷᠬᠠᠶᠢᠯᠠᠯᠲᠠ       ᠰᠢᠨ᠎ᠡ ᠪᠣᠬᠢᠷᠲᠤᠯ ᠪᠣᠳᠠᠰ ᠭᠡᠳᠡᠭ ᠨᠢ ᠠᠮᠢ ᠠᠬᠤᠶ ᠣᠷᠴᠢᠨ ᠲᠣᠭᠤᠷᠢᠨ ᠪᠤᠶᠤ ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠨᠡᠯᠢᠶᠡᠳ ᠶᠡᠭᠡ ᠲᠦᠭᠰᠢᠭᠦᠷᠢ ᠣᠷᠣᠰᠢᠵᠤ᠂ ᠣᠶᠢᠷ᠎ᠠ ᠳᠤ ᠰᠢᠨ᠎ᠡ ᠪᠠᠷ ᠢᠯᠡᠷᠡᠭᠦᠯᠦᠭᠰᠡᠨ ᠪᠤᠶᠤ ᠠᠩᠬᠠᠷᠤᠭᠳᠠᠭᠰᠠᠨ ᠪᠣᠯᠪᠠᠴᠤ ᠣᠷᠴᠢᠨ ᠲᠣᠭᠤᠷᠢᠨ ᠤ ᠬᠠᠮᠢᠶᠠᠷᠤᠯᠲᠠ ᠳᠤ ᠬᠠᠷᠠᠬᠠᠨ ᠣᠷᠣᠭᠤᠯᠤᠭᠠᠳᠤᠶ ᠪᠤᠶᠤ ᠣᠲᠣ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠮᠥᠨ ᠬᠦ ᠬᠦᠷᠦᠯᠴᠡᠬᠦ ᠥᠬᠡᠶ ᠪᠣᠬᠢᠷᠲᠤᠯ ᠪᠣᠳᠠᠰ ᠢ ᠵᠢᠭᠠᠵᠤ ᠪᠠᠶᠢᠨ᠎ᠠ︔ ᠲᠡᠷᠡ ᠨᠢ ᠭᠤᠣᠯᠳᠠᠭᠤ ᠬᠤᠣᠷᠲᠠᠢ ᠬᠥᠨᠥᠭᠡᠯᠲᠡᠢ ᠬᠢᠮᠢ ᠶᠢᠨ ᠪᠣᠳᠠᠰ ᠢ ᠦᠢᠯᠡᠳᠪᠦᠷᠢᠯᠡᠬᠦ ᠪᠠ ᠬᠡᠷᠡᠭᠯᠡᠬᠦ ᠶᠠᠪᠤᠴᠠ ᠳᠤ ᠡᠭᠦᠰᠴᠦ᠂ ᠠᠮᠢᠳᠤ ᠪᠣᠳᠠᠰ ᠤᠨ ᠬᠤᠣᠷᠲᠤ ᠴᠢᠨᠠᠷ᠂ ᠣᠷᠴᠢᠨ ᠠᠬᠤᠢ ᠶᠢᠨ ᠳᠠᠭᠠᠭᠠᠮᠠᠭᠠᠢ ᠴᠢᠨᠠᠷ᠂ ᠠᠮᠢᠳᠤ ᠪᠣᠳᠠᠰ ᠤᠨ ᠬᠤᠷᠠᠮᠳᠤᠯ ᠴᠢᠨᠠᠷ ᠵᠡᠷᠭᠡ ᠣᠨᠴᠠᠯᠢᠭ ᠲᠠᠢ ᠪᠠᠶᠢᠳᠠᠭ᠃ ᠣᠳᠣᠬᠠᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠥᠷᠭᠡᠨ ᠢᠶᠠᠷ ᠠᠩᠬᠠᠷᠴᠤ ᠪᠠᠶᠢᠭ᠎ᠠ ᠰᠢᠨ᠎ᠡ ᠪᠣᠬᠢᠷᠲᠤᠯ ᠪᠣᠳᠠᠰ ᠲᠤ ᠭᠤᠣᠯᠳᠠᠭᠤ ᠤᠯᠠᠨ ᠤᠯᠤᠰ ᠤᠨ ᠨᠡᠶᠢᠲᠡ ᠶᠢᠨ ᠭᠡᠷ᠎ᠡ ᠶᠢᠨ ᠬᠠᠮᠢᠶᠠᠷᠤᠨ ᠡᠵᠡᠮᠳᠡᠵᠦ ᠪᠠᠶᠢᠭ᠎ᠠ ᠤᠳᠠᠭᠠᠨ ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ᠂ ᠳᠣᠲᠣᠭᠠᠳᠤ ᠰᠢᠭᠦᠷᠡᠯᠲᠡ ᠶᠢᠨ ᠬᠠᠷᠰᠢᠯᠠᠬᠤ ᠪᠣᠳᠠᠰ᠂ ᠪᠠᠺᠲ᠋ᠧᠷᠢ ᠳᠠᠷᠤᠭᠴᠢ ᠵᠡᠷᠭᠡ ᠪᠠᠭᠲᠠᠨ᠎ᠠ᠃      ᠬᠤᠶᠠᠷ᠂ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ       ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠷᠢᠳ ᠬᠤᠵᠢᠳ ᠬᠡᠲᠦ ᠤᠳᠠᠭ᠎ᠠ ᠰᠢᠨ᠎ᠡ ᠪᠣᠬᠢᠷᠲᠤᠯ ᠪᠣᠳᠠᠰ ᠢ ᠵᠠᠰᠠᠬᠤ ᠲᠤᠬᠠᠶ ᠲᠤᠰᠬᠠᠶ ᠰᠤᠳᠤᠯᠭᠠᠨ ᠪᠠ ᠤᠷᠢᠳᠴᠢᠯᠠᠭᠰᠠᠨ ᠰᠤᠳᠤᠯᠭᠠᠨ ᠥᠷᠨᠢᠭᠦᠯᠵᠦ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠴᠢᠬᠤᠯᠠᠴᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠶᠡᠷᠦᠩᠬᠡᠢ ᠰᠠᠶᠢᠳ ᠯᠢ ᠺᠧ ᠴᠢᠶᠠᠩ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠤᠨ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾᠎ ᠳᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠶᠢ ᠴᠢᠬᠤᠯᠠᠴᠢᠯᠠᠵᠤ᠂ ᠬᠤᠤᠷ ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠬᠦ ᠡᠭᠦᠷᠭᠡ ᠱᠠᠭᠠᠷᠳᠠᠯᠭ᠎ᠠ ᠶᠢ ᠳᠤᠷᠠᠳᠪᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠲᠤᠬᠠᠢ ᠰᠠᠨᠠᠯ︾᠎ ᠳᠤ᠂ 2025 ᠣᠨ ᠪᠣᠯᠬᠤ ᠳᠤ ᠰᠢᠨ᠎ᠡ ᠪᠣᠬᠢᠷᠲᠤᠯ ᠪᠣᠳᠠᠰ ᠢ ᠵᠠᠰᠠᠬᠤ ᠴᠢᠳᠠᠪᠤᠷᠢ ᠢᠯᠡᠳᠲᠡ ᠴᠢᠩᠭᠠᠷᠠᠬᠤ ᠪᠥᠭᠡᠳ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯᠯᠠᠭᠠᠨ ᠤ ᠲᠥᠰᠦᠯ ᠢ ᠲᠣᠭᠲᠠᠭᠠᠨ ᠬᠡᠷᠡᠭᠵᠢᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠢᠯᠡᠳᠬᠡᠯ ᠳᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢ ᠥᠷᠨᠢᠭᠦᠯᠦᠨ᠎ᠡ ᠭᠡᠵᠦ ᠲᠣᠳᠣᠷᠬᠠᠢ ᠳᠤᠷᠠᠳᠪᠠ᠃     2022 ᠣᠨ ᠤ 5 ᠰᠠᠷ᠎ᠠ ᠶᠢᠨ 4᠎ ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯᠯᠠᠭᠠᠨ ᠤ ᠲᠥᠰᠦᠯ ᠤᠨ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ 2023 ᠣᠨ ᠤ 2 ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠪᠥᠬᠦ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠢ ᠵᠠᠰᠠᠬᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠵᠤ᠂ ᠪᠣᠬᠢᠷᠲᠤᠯ ᠢ ᠰᠡᠷᠭᠡᠢᠯᠡᠨ ᠵᠠᠰᠠᠬᠤ ᠪᠣᠭᠤᠮᠲᠠ ᠰᠢᠪᠲᠤᠯᠬᠤ ᠳᠠᠢᠯᠠᠯᠳᠤᠭᠠᠨ ᠢ ᠨᠠᠩ ᠥᠨᠳᠥᠷ ᠪᠠᠷᠢᠮᠵᠢᠶ᠎ᠠ ᠪᠠᠷ ᠭᠦᠨᠵᠡᠭᠡᠢ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ︽ᠤᠯᠠᠭᠠᠨᠬᠠᠳᠠ ᠬᠤᠲᠠ ᠶᠢᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶᠎ ᠢ ᠲᠣᠭᠲᠠᠭᠠᠪᠠ᠃      ᠭᠤᠷᠪᠠ᠂ ᠭᠤᠣᠯ ᠠᠭᠤᠯᠭ᠎ᠠ       ᠲᠥᠰᠦᠯ ᠳᠤ ᠠᠵᠢᠯ ᠤᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠭᠡᠬᠦ ᠭᠤᠷᠪᠠᠨ ᠬᠡᠰᠡᠭ ᠠᠭᠤᠯᠭ᠎ᠠ ᠶᠢ ᠪᠠᠭᠲᠠᠭᠠᠪᠠ᠃       ︵ᠨᠢᠭᠡ︶ ᠠᠵᠢᠯ ᠤᠨ ᠬᠠᠷᠠᠯᠲᠠ᠃ 2023 ᠣᠨ ᠳᠤ᠂ ᠪᠥᠬᠦ ᠬᠤᠲᠠ ᠶᠢᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂ ᠰᠢᠨ᠎ᠡ ᠪᠣᠬᠢᠷᠲᠤᠯ ᠪᠣᠳᠠᠰ ᠤᠨ ᠦᠢᠯᠡᠳᠪᠦᠷᠢᠯᠡᠬᠦ᠂ ᠬᠡᠷᠡᠭᠯᠡᠬᠦ᠂ ᠭᠠᠳᠠᠭᠰᠢᠯᠠᠭᠤᠯᠬᠤ ᠪᠠᠶᠢᠳᠠᠯ ᠢ ᠦᠨᠳᠦᠰᠦᠨ ᠳᠡᠭᠡᠨ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠵᠦ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ ᠢ ᠬᠠᠮᠢᠶᠠᠷᠤᠨ ᠡᠵᠡᠮᠳᠡᠬᠦ ᠶᠢ ᠲᠣᠳᠣᠷᠬᠠᠶᠢᠯᠠᠨ᠎ᠠ᠃ 2025 ᠣᠨ ᠳᠤ᠂ ᠠᠩᠬᠠᠷᠤᠯ ᠶᠡᠬᠡᠲᠡᠶ᠂ ᠥᠨᠳᠥᠷ ᠦᠢᠯᠡᠳᠪᠦᠷᠢᠯᠡᠯ ︵ᠬᠡᠷᠡᠭᠯᠡᠬᠦ︶᠎ ᠤᠨ ᠬᠡᠮᠵᠢᠶ᠎ᠡ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠢᠭᠰᠢᠨ ᠪᠠᠶᠢᠴᠠᠭᠠᠬᠤ ᠵᠢᠴᠢ ᠨᠢᠭᠡ ᠪᠦᠯᠦᠭ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠪᠡᠶᠡᠯᠡᠭᠦᠯᠦᠨ᠎ᠡ︔ ᠰᠢᠨ᠎ᠡ ᠪᠣᠬᠢᠷᠲᠤᠯ ᠪᠣᠳᠠᠰ ᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠳᠤ ᠴᠠᠭᠠᠵᠠᠯᠠᠬᠤ᠂ ᠬᠢᠵᠠᠭᠠᠷᠯᠠᠬᠤ ᠂ ᠭᠠᠳᠠᠭᠰᠢᠯᠠᠭᠤᠯᠬᠤ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠰᠢᠨ᠎ᠡ ᠪᠣᠬᠢᠷᠲᠤᠯ ᠪᠣᠳᠠᠰ ᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ᠂ ᠡᠳ᠋ ᠤᠨ ᠵᠠᠰᠠᠭ ᠤᠨ ᠣᠷᠣᠭᠤᠯᠤᠯᠲᠠ᠂ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠪᠠᠶᠢᠴᠠᠭᠠᠬᠤ᠂ ᠬᠢᠨᠠᠨ ᠬᠡᠮᠵᠢᠬᠦ᠂ ᠰᠢᠭᠰᠢᠨ ᠪᠠᠶᠢᠴᠠᠭᠠᠬᠤ᠂ ᠦᠨᠡᠯᠡᠨ ᠵᠢᠱᠢᠬᠦ᠂ ᠬᠠᠮᠢᠶᠠᠷᠤᠨ ᠡᠵᠡᠮᠳᠡᠬᠦ᠂ ᠵᠠᠰᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃       ︵ᠬᠤᠶᠠᠷ︶ ᠭᠤᠤᠯᠳᠠᠯᠭ᠎ᠠ ᠲᠠᠢ ᠡᠭᠦᠷᠭᠡ᠃ ᠲᠠᠪᠤᠨ ᠲᠠᠯ᠎ᠠ ᠶᠢᠨ 13 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠳᠤᠷᠠᠳᠪᠠ᠄ ᠨᠢᠭᠡ ᠳᠤ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ︔ ᠬᠤᠶᠠᠷ ᠲᠤ᠂ ᠪᠠᠶᠢᠴᠠᠭᠠᠨ ᠬᠢᠨᠠᠨ ᠬᠡᠮᠵᠢᠯᠲᠡ ᠬᠢᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠨ᠎ᠡ︔ ᠭᠤᠷᠪᠠ ᠳᠤ᠂ ᠡᠬᠢ ᠡᠭᠦᠰᠦᠯ ᠠᠴᠠ ᠨᠢ ᠬᠢᠵᠠᠭᠠᠷᠯᠠᠬᠤ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠡᠭᠦᠰᠬᠦ ᠶᠢ ᠰᠡᠷᠭᠡᠶᠢᠯᠡᠨ᠎ᠡ︔ ᠳᠥᠷᠪᠡ ᠳᠤ᠂ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ︔ ᠲᠠᠪᠤ ᠳᠤ᠂ ᠦᠵᠦᠭᠦᠷ ᠬᠡᠰᠡᠭ ᠤᠨ ᠵᠠᠰᠠᠯᠲᠠ ᠶᠢ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠬᠡᠮ ᠰᠣᠭᠤᠭ ᠢ ᠪᠠᠭᠠᠰᠬᠠᠨ᠎ᠠ᠃       ︵ᠭᠤᠷᠪᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠲᠠᠪᠤᠨ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠄ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ︔ ᠬᠤᠶᠠᠷ ᠲᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ︔ ᠭᠤᠷᠪᠠ ᠳᠤ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠳᠠᠯᠠᠨ᠎ᠠ︔ ᠳᠥᠷᠪᠡ ᠳᠤ ᠪᠠᠯᠠ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠎ᠡ︔ ᠲᠠᠪᠤ ᠳᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠬᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ