| ᠰᠢᠨ᠎ᠡ ᠪᠣᠬᠢᠷᠲᠤᠯ ᠪᠣᠳᠠᠰ ᠢ ᠵᠠᠰᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ | ᠂ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ ︽ᠤᠯᠠᠭᠠᠨᠬᠠᠳᠠ ᠬᠤᠲᠠ ᠶᠢᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠲᠤᠭᠤᠷᠪᠢᠪᠠ᠃ | | ᠨᠢᠭᠡ᠂ ᠰᠢᠨ᠎ᠡ ᠪᠣᠬᠢᠷᠲᠤᠯ ᠪᠣᠳᠠᠰ ᠤᠨ ᠲᠣᠳᠤᠷᠬᠠᠶᠢᠯᠠᠯᠲᠠ | ᠰᠢᠨ᠎ᠡ ᠪᠣᠬᠢᠷᠲᠤᠯ ᠪᠣᠳᠠᠰ ᠭᠡᠳᠡᠭ ᠨᠢ ᠠᠮᠢ ᠠᠬᠤᠶ ᠣᠷᠴᠢᠨ ᠲᠣᠭᠤᠷᠢᠨ ᠪᠤᠶᠤ ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠨᠡᠯᠢᠶᠡᠳ ᠶᠡᠭᠡ ᠲᠦᠭᠰᠢᠭᠦᠷᠢ | ᠣᠷᠣᠰᠢᠵᠤ᠂ ᠣᠶᠢᠷ᠎ᠠ ᠳᠤ ᠰᠢᠨ᠎ᠡ ᠪᠠᠷ ᠢᠯᠡᠷᠡᠭᠦᠯᠦᠭᠰᠡᠨ ᠪᠤᠶᠤ ᠠᠩᠬᠠᠷᠤᠭᠳᠠᠭᠰᠠᠨ ᠪᠣᠯᠪᠠᠴᠤ ᠣᠷᠴᠢᠨ ᠲᠣᠭᠤᠷᠢᠨ ᠤ ᠬᠠᠮᠢᠶᠠᠷᠤᠯᠲᠠ ᠳᠤ ᠬᠠᠷᠠᠬᠠᠨ | ᠣᠷᠣᠭᠤᠯᠤᠭᠠᠳᠤᠶ ᠪᠤᠶᠤ ᠣᠲᠣ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠮᠥᠨ ᠬᠦ ᠬᠦᠷᠦᠯᠴᠡᠬᠦ ᠥᠬᠡᠶ ᠪᠣᠬᠢᠷᠲᠤᠯ ᠪᠣᠳᠠᠰ ᠢ ᠵᠢᠭᠠᠵᠤ ᠪᠠᠶᠢᠨ᠎ᠠ︔ ᠲᠡᠷᠡ ᠨᠢ | ᠭᠤᠣᠯᠳᠠᠭᠤ ᠬᠤᠣᠷᠲᠠᠢ ᠬᠥᠨᠥᠭᠡᠯᠲᠡᠢ ᠬᠢᠮᠢ ᠶᠢᠨ ᠪᠣᠳᠠᠰ ᠢ ᠦᠢᠯᠡᠳᠪᠦᠷᠢᠯᠡᠬᠦ ᠪᠠ ᠬᠡᠷᠡᠭᠯᠡᠬᠦ ᠶᠠᠪᠤᠴᠠ ᠳᠤ ᠡᠭᠦᠰᠴᠦ᠂ ᠠᠮᠢᠳᠤ ᠪᠣᠳᠠᠰ ᠤᠨ ᠬᠤᠣᠷᠲᠤ ᠴᠢᠨᠠᠷ᠂ | ᠣᠷᠴᠢᠨ ᠠᠬᠤᠢ ᠶᠢᠨ ᠳᠠᠭᠠᠭᠠᠮᠠᠭᠠᠢ ᠴᠢᠨᠠᠷ᠂ ᠠᠮᠢᠳᠤ ᠪᠣᠳᠠᠰ ᠤᠨ ᠬᠤᠷᠠᠮᠳᠤᠯ ᠴᠢᠨᠠᠷ ᠵᠡᠷᠭᠡ ᠣᠨᠴᠠᠯᠢᠭ ᠲᠠᠢ ᠪᠠᠶᠢᠳᠠᠭ᠃ ᠣᠳᠣᠬᠠᠨ ᠳᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠥᠷᠭᠡᠨ ᠢᠶᠠᠷ ᠠᠩᠬᠠᠷᠴᠤ ᠪᠠᠶᠢᠭ᠎ᠠ ᠰᠢᠨ᠎ᠡ ᠪᠣᠬᠢᠷᠲᠤᠯ ᠪᠣᠳᠠᠰ ᠲᠤ ᠭᠤᠣᠯᠳᠠᠭᠤ ᠤᠯᠠᠨ ᠤᠯᠤᠰ ᠤᠨ ᠨᠡᠶᠢᠲᠡ ᠶᠢᠨ ᠭᠡᠷ᠎ᠡ ᠶᠢᠨ | ᠬᠠᠮᠢᠶᠠᠷᠤᠨ ᠡᠵᠡᠮᠳᠡᠵᠦ ᠪᠠᠶᠢᠭ᠎ᠠ ᠤᠳᠠᠭᠠᠨ ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ᠂ ᠳᠣᠲᠣᠭᠠᠳᠤ ᠰᠢᠭᠦᠷᠡᠯᠲᠡ ᠶᠢᠨ ᠬᠠᠷᠰᠢᠯᠠᠬᠤ ᠪᠣᠳᠠᠰ᠂ | ᠪᠠᠺᠲ᠋ᠧᠷᠢ ᠳᠠᠷᠤᠭᠴᠢ ᠵᠡᠷᠭᠡ ᠪᠠᠭᠲᠠᠨ᠎ᠠ᠃ | | ᠬᠤᠶᠠᠷ᠂ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠷᠢᠳ ᠬᠤᠵᠢᠳ ᠬᠡᠲᠦ ᠤᠳᠠᠭ᠎ᠠ ᠰᠢᠨ᠎ᠡ ᠪᠣᠬᠢᠷᠲᠤᠯ ᠪᠣᠳᠠᠰ ᠢ ᠵᠠᠰᠠᠬᠤ ᠲᠤᠬᠠᠶ ᠲᠤᠰᠬᠠᠶ ᠰᠤᠳᠤᠯᠭᠠᠨ ᠪᠠ | ᠤᠷᠢᠳᠴᠢᠯᠠᠭᠰᠠᠨ ᠰᠤᠳᠤᠯᠭᠠᠨ ᠥᠷᠨᠢᠭᠦᠯᠵᠦ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠴᠢᠬᠤᠯᠠᠴᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠶᠡᠷᠦᠩᠬᠡᠢ | ᠰᠠᠶᠢᠳ ᠯᠢ ᠺᠧ ᠴᠢᠶᠠᠩ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠤᠨ ᠰᠢᠨ᠎ᠡ ᠪᠣᠬᠢᠷᠲᠤᠯ | ᠪᠣᠳᠠᠰ ᠤᠨ ᠵᠠᠰᠠᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ | ᠬᠥᠲᠥᠯᠪᠦᠷᠢ︾ ᠳᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠶᠢ ᠴᠢᠬᠤᠯᠠᠴᠢᠯᠠᠵᠤ᠂ ᠬᠤᠤᠷ ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠠᠶᠤᠯ | ᠲᠦᠭᠰᠢᠭᠦᠷᠢ ᠶᠢᠨ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠬᠦ ᠡᠭᠦᠷᠭᠡ ᠱᠠᠭᠠᠷᠳᠠᠯᠭ᠎ᠠ ᠶᠢ ᠳᠤᠷᠠᠳᠪᠠ᠃ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠲᠤᠬᠠᠢ ᠰᠠᠨᠠᠯ︾ ᠳᠤ᠂ | 2025 ᠣᠨ ᠪᠣᠯᠬᠤ ᠳᠤ ᠰᠢᠨ᠎ᠡ ᠪᠣᠬᠢᠷᠲᠤᠯ ᠪᠣᠳᠠᠰ ᠢ ᠵᠠᠰᠠᠬᠤ ᠴᠢᠳᠠᠪᠤᠷᠢ ᠢᠯᠡᠳᠲᠡ ᠴᠢᠩᠭᠠᠷᠠᠬᠤ ᠪᠥᠭᠡᠳ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯᠯᠠᠭᠠᠨ ᠤ | ᠲᠥᠰᠦᠯ ᠢ ᠲᠣᠭᠲᠠᠭᠠᠨ ᠬᠡᠷᠡᠭᠵᠢᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠢᠯᠡᠳᠬᠡᠯ ᠳᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢ | ᠥᠷᠨᠢᠭᠦᠯᠦᠨ᠎ᠡ ᠭᠡᠵᠦ ᠲᠣᠳᠣᠷᠬᠠᠢ ᠳᠤᠷᠠᠳᠪᠠ᠃ | 2022 ᠣᠨ ᠤ 5 ᠰᠠᠷ᠎ᠠ ᠶᠢᠨ 4 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠰᠢᠨ᠎ᠡ ᠪᠣᠬᠢᠷᠲᠤᠯ ᠪᠣᠳᠠᠰ ᠢ ᠵᠠᠰᠠᠬᠤ | ᠠᠵᠢᠯᠯᠠᠭᠠᠨ ᠤ ᠲᠥᠰᠦᠯ ᠤᠨ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 2023 ᠣᠨ ᠤ 2 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠢ ᠵᠠᠰᠠᠬᠤ | ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠪᠥᠬᠦ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠪᠠ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠰᠢᠨ᠎ᠡ ᠪᠣᠬᠢᠷᠲᠤᠯ ᠪᠣᠳᠠᠰ ᠢ ᠵᠠᠰᠠᠬᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ | ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ | ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠵᠤ᠂ ᠪᠣᠬᠢᠷᠲᠤᠯ ᠢ ᠰᠡᠷᠭᠡᠢᠯᠡᠨ ᠵᠠᠰᠠᠬᠤ ᠪᠣᠭᠤᠮᠲᠠ ᠰᠢᠪᠲᠤᠯᠬᠤ ᠳᠠᠢᠯᠠᠯᠳᠤᠭᠠᠨ ᠢ ᠨᠠᠩ ᠥᠨᠳᠥᠷ | ᠪᠠᠷᠢᠮᠵᠢᠶ᠎ᠠ ᠪᠠᠷ ᠭᠦᠨᠵᠡᠭᠡᠢ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ︽ᠤᠯᠠᠭᠠᠨᠬᠠᠳᠠ ᠬᠤᠲᠠ ᠶᠢᠨ ᠰᠢᠨ᠎ᠡ | ᠪᠣᠬᠢᠷᠲᠤᠯ ᠪᠣᠳᠠᠰ ᠢ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠪᠠ᠃ | | ᠭᠤᠷᠪᠠ᠂ ᠭᠤᠣᠯ ᠠᠭᠤᠯᠭ᠎ᠠ | ᠲᠥᠰᠦᠯ ᠳᠤ ᠠᠵᠢᠯ ᠤᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠭᠡᠬᠦ ᠭᠤᠷᠪᠠᠨ ᠬᠡᠰᠡᠭ ᠠᠭᠤᠯᠭ᠎ᠠ ᠶᠢ ᠪᠠᠭᠲᠠᠭᠠᠪᠠ᠃ | | ︵ᠨᠢᠭᠡ︶ ᠠᠵᠢᠯ ᠤᠨ ᠬᠠᠷᠠᠯᠲᠠ᠃ 2023 ᠣᠨ ᠳᠤ᠂ ᠪᠥᠬᠦ ᠬᠤᠲᠠ ᠶᠢᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ | ᠪᠠᠶᠢᠴᠠᠭᠠᠯᠲᠠ ᠶᠢ ᠪᠡᠶᠡᠯᠡᠭᠦᠯᠵᠦ᠂ ᠰᠢᠨ᠎ᠡ ᠪᠣᠬᠢᠷᠲᠤᠯ ᠪᠣᠳᠠᠰ ᠤᠨ ᠦᠢᠯᠡᠳᠪᠦᠷᠢᠯᠡᠬᠦ᠂ ᠬᠡᠷᠡᠭᠯᠡᠬᠦ᠂ ᠭᠠᠳᠠᠭᠰᠢᠯᠠᠭᠤᠯᠬᠤ ᠪᠠᠶᠢᠳᠠᠯ ᠢ ᠦᠨᠳᠦᠰᠦᠨ ᠳᠡᠭᠡᠨ | ᠭᠤᠤᠯᠳᠠᠯᠭ᠎ᠠ ᠲᠠᠢ ᠬᠠᠮᠢᠶᠠᠷᠤᠨ ᠡᠵᠡᠮᠳᠡᠵᠦ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ ᠢ | ᠬᠠᠮᠢᠶᠠᠷᠤᠨ ᠡᠵᠡᠮᠳᠡᠬᠦ ᠶᠢ ᠲᠣᠳᠣᠷᠬᠠᠶᠢᠯᠠᠨ᠎ᠠ᠃ 2025 ᠣᠨ ᠳᠤ᠂ ᠠᠩᠬᠠᠷᠤᠯ ᠶᠡᠬᠡᠲᠡᠶ᠂ ᠥᠨᠳᠥᠷ ᠦᠢᠯᠡᠳᠪᠦᠷᠢᠯᠡᠯ ︵ᠬᠡᠷᠡᠭᠯᠡᠬᠦ︶ ᠤᠨ ᠬᠡᠮᠵᠢᠶ᠎ᠡ ᠲᠠᠢ ᠬᠢᠮᠢ ᠶᠢᠨ | ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠢᠭᠰᠢᠨ ᠪᠠᠶᠢᠴᠠᠭᠠᠬᠤ ᠵᠢᠴᠢ ᠨᠢᠭᠡ ᠪᠦᠯᠦᠭ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ | ᠦᠨᠡᠯᠡᠨ ᠵᠢᠱᠢᠬᠦ ᠠᠵᠢᠯ ᠢ ᠪᠡᠶᠡᠯᠡᠭᠦᠯᠦᠨ᠎ᠡ︔ ᠰᠢᠨ᠎ᠡ ᠪᠣᠬᠢᠷᠲᠤᠯ ᠪᠣᠳᠠᠰ ᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠳᠤ ᠴᠠᠭᠠᠵᠠᠯᠠᠬᠤ᠂ ᠬᠢᠵᠠᠭᠠᠷᠯᠠᠬᠤ᠂ | ᠭᠠᠳᠠᠭᠰᠢᠯᠠᠭᠤᠯᠬᠤ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠰᠢᠨ᠎ᠡ ᠪᠣᠬᠢᠷᠲᠤᠯ ᠪᠣᠳᠠᠰ ᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ᠂ ᠡᠳ᠋ ᠤᠨ ᠵᠠᠰᠠᠭ ᠤᠨ ᠣᠷᠣᠭᠤᠯᠤᠯᠲᠠ᠂ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ | ᠪᠣᠬᠢᠷᠲᠤᠯ ᠪᠣᠳᠠᠰ ᠢ ᠪᠠᠶᠢᠴᠠᠭᠠᠬᠤ᠂ ᠬᠢᠨᠠᠨ ᠬᠡᠮᠵᠢᠬᠦ᠂ ᠰᠢᠭᠰᠢᠨ ᠪᠠᠶᠢᠴᠠᠭᠠᠬᠤ᠂ ᠦᠨᠡᠯᠡᠨ ᠵᠢᠱᠢᠬᠦ᠂ ᠬᠠᠮᠢᠶᠠᠷᠤᠨ ᠡᠵᠡᠮᠳᠡᠬᠦ᠂ ᠵᠠᠰᠠᠬᠤ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠶᠠᠷ︶ ᠭᠤᠤᠯᠳᠠᠯᠭ᠎ᠠ ᠲᠠᠢ ᠡᠭᠦᠷᠭᠡ᠃ ᠲᠠᠪᠤᠨ ᠲᠠᠯ᠎ᠠ ᠶᠢᠨ 13 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠳᠤᠷᠠᠳᠪᠠ᠄ ᠨᠢᠭᠡ ᠳᠤ | ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ︔ ᠬᠤᠶᠠᠷ ᠲᠤ᠂ | ᠪᠠᠶᠢᠴᠠᠭᠠᠨ ᠬᠢᠨᠠᠨ ᠬᠡᠮᠵᠢᠯᠲᠡ ᠬᠢᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ | ᠦᠨᠡᠯᠡᠨ ᠵᠢᠱᠢᠨ᠎ᠡ︔ ᠭᠤᠷᠪᠠ ᠳᠤ᠂ ᠡᠬᠢ ᠡᠭᠦᠰᠦᠯ ᠠᠴᠠ ᠨᠢ ᠬᠢᠵᠠᠭᠠᠷᠯᠠᠬᠤ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠡᠭᠦᠰᠬᠦ ᠶᠢ ᠰᠡᠷᠭᠡᠶᠢᠯᠡᠨ᠎ᠡ︔ | ᠳᠥᠷᠪᠡ ᠳᠤ᠂ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ︔ ᠲᠠᠪᠤ ᠳᠤ᠂ | ᠦᠵᠦᠭᠦᠷ ᠬᠡᠰᠡᠭ ᠤᠨ ᠵᠠᠰᠠᠯᠲᠠ ᠶᠢ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠬᠡᠮ ᠰᠣᠭᠤᠭ ᠢ ᠪᠠᠭᠠᠰᠬᠠᠨ᠎ᠠ᠃ | | ︵ᠭᠤᠷᠪᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠲᠠᠪᠤᠨ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠄ ᠨᠢᠭᠡ ᠳᠤ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ︔ ᠬᠤᠶᠠᠷ ᠲᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ︔ ᠭᠤᠷᠪᠠ ᠳᠤ ᠬᠢᠨᠠᠨ ᠬᠠᠮᠢᠶᠠᠷᠴᠤ | ᠬᠠᠤᠯᠢ ᠬᠡᠷᠡᠭᠵᠢᠭᠦᠯᠬᠦ ᠶᠢ ᠴᠢᠩᠳᠠᠯᠠᠨ᠎ᠠ︔ ᠳᠥᠷᠪᠡ ᠳᠤ ᠪᠠᠯᠠ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠎ᠡ︔ ᠲᠠᠪᠤ ᠳᠤ᠂ ᠤᠬᠠᠭᠤᠯᠵᠤ ᠬᠥᠲᠥᠯᠥᠨ | ᠵᠢᠯᠣᠭᠤᠳᠬᠤ ᠶᠢ ᠰᠠᠶᠢᠲᠤᠷ ᠬᠢᠨ᠎ᠠ᠃ | | |