ᠮᠠᠨ ᠤ ᠣᠷᠣᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠤᠷᠢᠳᠴᠢᠯᠠᠨ ᠬᠡᠷᠡᠭᠵᠢᠭᠦᠯᠵᠦ ᠤᠷᠢᠳᠴᠢᠯᠠᠨ ᠲᠤᠷᠰᠢᠬᠤ ᠠᠵᠢᠯ ᠢ ᠡᠬᠢᠯᠡᠭᠦᠯᠵᠡᠢ
ᠨᠡᠶᠢᠲᠡᠯᠡᠭᠰᠡᠨ ᠴᠠᠭ᠄
2023/10/20
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠰᠢ ᠱᠠᠨ ᠸᠠᠨ ᠤᠰᠤᠨ ᠴᠥᠭᠦᠷᠥᠮ᠂ ᠳ᠋ᠠ ᠱᠢ ᠮᠧᠨ ᠤᠰᠤᠨ ᠴᠥᠭᠦᠷᠥᠮ᠂ ᠳ᠋ᠠ ᠬᠤ᠋ ᠱᠢ ᠤᠰᠤᠨ ᠴᠥᠭᠦᠷᠥᠮ᠂ ᠬᠠᠶᠢᠯᠠᠰᠤ ᠤᠰᠤᠨ ᠠᠰᠢᠭᠯᠠᠯᠲᠠ ᠶᠢᠨ ᠬᠦᠢᠰᠦ᠂ ᠳᠡᠷᠡᠰᠦ ᠪᠣᠯᠤᠩ ᠤᠰᠤᠨ ᠴᠥᠭᠦᠷᠥᠮ ᠵᠡᠷᠭᠡ 9 ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠬᠢᠨᠠᠨ ᠲᠣᠭᠲᠠᠭᠠᠬᠤ ᠪᠠ ᠪᠠᠲᠤᠯᠠᠬᠤ ᠬᠡᠷᠡᠭᠵᠢᠭᠦᠯᠬᠦ ᠲᠥᠰᠥᠯ ᠢ ᠬᠢᠨᠠᠨ ᠵᠥᠪᠰᠢᠶᠡᠷᠡᠵᠦ᠂ ᠨᠢᠭᠡᠨᠲᠡ ᠪᠠᠶᠢᠭᠤᠯᠤᠭᠰᠠᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠤᠷᠢᠳᠴᠢᠯᠠᠨ ᠬᠡᠷᠡᠭᠵᠢᠭᠦᠯᠵᠦ ᠤᠷᠢᠳᠴᠢᠯᠠᠨ ᠲᠤᠷᠰᠢᠬᠤ ᠠᠵᠢᠯ ᠢ ᠵᠢᠩᠬᠢᠨᠢ ᠪᠠᠷ ᠡᠬᠢᠯᠡᠭᠦᠯᠪᠡ᠃       ᠣᠶᠢᠯᠠᠭᠠᠭᠰᠠᠨ ᠢᠶᠠᠷ᠂ ᠲᠣᠰ ᠠᠵᠢᠯ ᠢ ᠥᠷᠨᠢᠭᠦᠯᠵᠦ ᠨᠡᠶᠢᠲᠡᠯᠢᠭ ᠭᠤᠣᠯ ᠮᠥᠷᠡᠨ ᠤ ᠨᠢᠭᠡᠨᠲᠡ ᠪᠠᠶᠢᠭᠤᠯᠤᠭᠰᠠᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠬᠢᠨᠠᠨ ᠲᠣᠭᠲᠠᠭᠠᠬᠤ ᠪᠠ ᠪᠠᠲᠤᠯᠠᠬᠤ ᠠᠵᠢᠯ ᠤᠨ ᠬᠡᠯᠪᠡᠷᠢ᠂ ᠮᠡᠷᠭᠡᠵᠢᠯ ᠤᠨ ᠠᠷᠭ᠎ᠠ᠂ ᠵᠣᠬᠢᠴᠠᠭᠤᠯᠬᠤ ᠲᠣᠭᠲᠠᠴᠠ ᠪᠠ ᠬᠢᠨᠠᠨ ᠬᠠᠮᠢᠶᠠᠷᠬᠤ ᠲᠥᠷᠥ ᠶᠢᠨ ᠪᠣᠳᠣᠯᠭ᠎ᠠ ᠵᠡᠷᠭᠡ ᠶᠢ ᠬᠠᠶᠢᠨ ᠰᠦᠪᠡᠭᠴᠢᠯᠡᠬᠦ ᠪᠠᠷ ᠳᠠᠮᠵᠢᠭᠤᠯᠤᠨ᠂ ᠳᠡᠯᠭᠡᠷᠡᠭᠦᠯᠦᠨ ᠬᠡᠷᠡᠭᠯᠡᠵᠦ ᠪᠣᠯᠬᠤ ᠠᠵᠢᠯ ᠤᠨ ᠦᠷ᠎ᠡ ᠪᠦᠲᠦᠭᠡᠯ ᠪᠠ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠪᠣᠯᠪᠠᠰᠤᠷᠠᠭᠤᠯᠵᠤ᠂ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠬᠦ ᠪᠣᠯᠣᠨ᠎ᠠ᠃ ᠨᠢᠭᠡᠨᠲᠡ ᠪᠠᠶᠢᠭᠤᠯᠤᠭᠰᠠᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠳᠤ ᠳᠡᠮᠵᠢᠯᠭᠡ ᠪᠣᠯᠣᠨ ᠪᠠᠲᠤᠯᠠᠭ᠎ᠠ ᠬᠠᠩᠭᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠰᠢᠰᠲ᠋ᠧᠮ ᠢ ᠪᠦᠲᠦᠮᠵᠢᠲᠡᠶ ᠪᠠᠷ ᠬᠠᠮᠠᠭᠠᠯᠠᠬᠤ᠂ ᠰᠠᠪᠠ ᠭᠠᠵᠠᠷ  ᠳᠠᠬᠢ ᠠᠮᠢᠳᠤᠷᠠᠯ᠂ ᠦᠢᠯᠡᠳᠪᠦᠷᠢᠯᠡᠯ᠂ ᠠᠮᠢ ᠠᠬᠤᠢ ᠶᠢᠨ ᠬᠡᠷᠡᠭᠯᠡᠬᠦ ᠤᠰᠤ ᠶᠢ ᠪᠠᠲᠤᠯᠠᠬᠤ ᠪᠠᠲᠤ ᠪᠠᠬᠢ ᠰᠠᠭᠤᠷᠢ ᠲᠠᠯᠪᠢᠬᠤ ᠪᠣᠯᠣᠨ᠎ᠠ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ