ᠮᠠᠨ ᠤ ᠣᠷᠣᠨ ᠤ 148 ᠲᠠᠮᠢᠷᠴᠢᠨ ᠠᠩᠬᠠᠳᠤᠭᠠᠷ ᠬᠤᠭᠤᠴᠠᠭᠠᠨ ᠤ ᠰᠤᠷᠤᠭᠴᠢᠳ ︵ᠵᠠᠯᠠᠭᠤᠴᠤᠳ︶ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠢᠳᠪᠦᠷᠢᠲᠦ ᠤᠷᠤᠯᠳᠤᠭᠠᠨ ᠤ ᠬᠢᠷᠢ ᠬᠡᠮ ᠢ ᠣᠯᠪᠠ
ᠨᠡᠶᠢᠲᠡᠯᠡᠭᠰᠡᠨ ᠴᠠᠭ᠄
2023/10/20
      10 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠬᠥᠬᠡᠬᠤᠲᠠ ᠶᠢᠨ ᠲᠠᠮᠢᠷ ᠤᠨ ᠬᠥᠳᠡᠯᠭᠡᠭᠡᠨ ᠤ ᠰᠤᠷᠭᠠᠭᠤᠯᠢ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠩᠬᠠᠳᠤᠭᠠᠷ ᠬᠤᠭᠤᠴᠠᠭᠠᠨ ᠤ ᠰᠤᠷᠤᠭᠴᠢᠳ ︵ᠵᠠᠯᠠᠭᠤᠴᠤᠳ︶ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠬᠤ ᠲᠥᠯᠥᠭᠡᠯᠡᠭᠴᠢᠳ ᠤᠨ ᠪᠦᠯᠬᠦᠮ ᠤᠨ ᠲᠠᠩᠭᠠᠷᠢᠭᠯᠠᠬᠤ ᠬᠤᠷᠠᠯ ᠬᠢᠪᠡ᠃       ᠲᠤᠰ ᠬᠤᠭᠤᠴᠠᠭᠠᠨ ᠤ ᠰᠤᠷᠤᠭᠴᠢᠳ ︵ᠵᠠᠯᠠᠭᠤᠴᠤᠳ︶ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠤᠷᠤᠯᠳᠤᠭᠠᠨ ᠳᠤ᠂ ᠮᠠᠨ ᠤ ᠣᠷᠣᠨ ᠤ ᠬᠥᠬᠡᠬᠤᠲᠠ᠂ ᠤᠯᠠᠭᠠᠨᠬᠠᠳᠠ ᠬᠤᠳᠠ ᠠᠴᠠ ᠢᠷᠡᠭᠰᠡᠨ 406 ᠲᠠᠮᠢᠷᠴᠢᠨ ᠥᠪᠥᠷ ᠮᠣᠩᠭᠤᠯ ᠢ ᠲᠥᠯᠥᠭᠡᠯᠡᠨ 25 ᠶᠡᠭᠡ ᠵᠦᠢᠯ ᠤᠨ ᠤᠷᠤᠯᠳᠤᠭᠠᠨ ᠳᠤ ᠣᠷᠣᠯᠴᠠᠪᠠ᠃ ᠬᠠᠮᠤᠭ ᠡᠴᠦᠰ ᠲᠤ ᠬᠦᠨᠳᠦ ᠬᠥᠩᠭᠡᠨ ᠲᠠᠮᠢᠷ᠂ ᠨᠢᠳᠤᠷᠭᠠᠨ ᠲᠡᠮᠡᠴᠡᠭᠡᠨ᠂ ᠵᠢᠣᠳᠣᠣ᠂  ᠲᠠᠢ ᠴᠢᠤᠸᠠᠨ ᠳ᠋ᠣᠣ᠂ ᠬᠦᠷᠳᠦᠲᠦ ᠲᠡᠰᠢᠯᠲᠡ ᠵᠡᠷᠭᠡ 18 ᠵᠦᠢᠯ ᠤᠨ ᠪᠡᠯᠡᠳᠬᠡᠯ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠵᠤ᠂ ᠨᠡᠶᠢᠲᠡ 148 ᠲᠠᠮᠢᠷᠴᠢᠨ ᠰᠢᠢᠳᠪᠦᠷᠢᠲᠦ ᠤᠷᠤᠯᠳᠤᠭᠠᠨ ᠤ ᠬᠢᠷᠢ ᠬᠡᠮ ᠢ ᠣᠯᠪᠠ᠃ ᠡᠭᠦᠨ ᠠᠴᠠ ᠭᠠᠳᠠᠨ᠎ᠠ᠂ ᠨᠢᠭᠡᠨᠲᠡ ᠳᠠᠭᠤᠰᠤᠭᠰᠠᠨ ᠰᠣᠷᠣᠭᠴᠢᠳ ︵ᠵᠠᠯᠠᠭᠤᠴᠤᠳ︶ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠤᠶᠢᠺᠤ ᠪᠥᠮᠪᠦᠭᠡ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ᠂ ᠬᠥᠬᠡᠬᠤᠲᠠ ᠶᠢᠨ ᠡᠷᠡᠭᠲᠡᠢ ᠶᠢᠨ ᠪᠤᠶᠢᠺᠤ ᠪᠥᠮᠪᠦᠭᠡ ᠶᠢᠨ ᠠᠩᠭᠢ ᠪᠥᠬᠦ ᠤᠯᠤᠰ ᠤᠨ 16 ᠠᠩᠭᠢ ᠲᠠᠢ ᠤᠷᠤᠯᠳᠤᠭᠠᠳ᠂ ᠲᠠᠪᠤᠳᠤᠭᠠᠷ ᠲᠤ ᠣᠷᠣᠵᠠᠢ᠃       ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠩᠬᠠᠳᠤᠭᠠᠷ ᠬᠤᠭᠤᠴᠠᠭᠠᠨ ᠤ ᠰᠤᠷᠤᠭᠴᠢᠳ ︵ᠵᠠᠯᠠᠭᠤᠴᠤᠳ︶ ᠤᠨ ᠪᠡᠶ᠎ᠡ ᠲᠠᠮᠢᠷ ᠤᠨ ᠴᠤᠭᠯᠠᠭᠠᠨ ᠪᠣᠯ ᠤᠤᠯ ᠤᠨ ᠪᠦᠬᠦ ᠤᠯᠤᠰ ᠤᠨ ᠰᠤᠷᠤᠭᠴᠢᠳ ᠤᠨ ᠪᠡᠶ᠎ᠡ ᠲᠠᠮᠢᠷ ᠤᠨ ᠴᠤᠭᠯᠠᠭᠠᠨ ᠪᠠ ᠪᠦᠬᠦ ᠤᠯᠤᠰ ᠤᠨ ᠵᠠᠯᠠᠭᠤᠴᠤᠳ ᠤᠨ ᠪᠡᠶ᠎ᠡ ᠲᠠᠮᠢᠷ ᠤᠨ ᠴᠤᠭᠯᠠᠭᠠᠨ ᠢ ᠨᠡᠶᠢᠯᠡᠭᠦᠯᠦᠭᠰᠡᠨ ᠤᠯᠤᠰ ᠤᠨ ᠳᠡᠰ ᠤᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠴᠤᠭᠯᠠᠭᠠᠨ ᠪᠣᠯᠣᠨ᠎ᠠ᠃ ᠠᠩᠬᠠᠳᠤᠭᠠᠷ ᠬᠤᠭᠤᠴᠠᠭᠠᠨ ᠤ ᠰᠤᠷᠤᠭᠴᠢᠳ ︵ᠵᠠᠯᠠᠭᠤᠴᠤᠳ︶ ᠤᠨ ᠪᠡᠶ᠎ᠡ ᠶᠢᠨ ᠲᠠᠮᠢᠷ ᠤᠨ ᠴᠤᠭᠯᠠᠭᠠᠨ 11 ᠳ᠋ᠦ᠋ᠭᠡᠷ ᠰᠠᠷ᠎ᠠ ᠶᠢᠨ 5 – 15 ᠤ ᠡᠳᠦᠷ ᠪᠣᠯᠲᠠᠯ᠎ᠠ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠳᠤ ᠶᠠᠪᠤᠭᠳᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ