1– 9 ᠳ᠋ᠦ᠋ᠭᠡᠷ ᠰᠠᠷ᠎ᠠ ᠳᠤ ᠪᠥᠬᠦ ᠣᠷᠣᠨ ᠤ ︽ᠲᠠᠪᠤᠨ ᠶᠡᠭᠡ ᠡᠭᠦᠷᠭᠡ︾ ᠶᠢ ᠪᠠᠲᠤᠯᠠᠬᠤ ᠵᠠᠷᠤᠯᠭ᠎ᠠ 1767 ᠳ᠋ᠦᠩᠰᠢᠭᠤᠷ ᠲᠥᠭᠦᠷᠢᠭ ᠲᠤ ᠬᠦᠷᠴᠦ ᠡᠩ ᠤᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 38% ᠶᠢ ᠡᠵᠡᠯᠡᠪᠡ
ᠨᠡᠶᠢᠲᠡᠯᠡᠭᠰᠡᠨ ᠴᠠᠭ᠄
2023/10/20
      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠡ᠄ ᠡᠨᠡ ᠵᠢᠯ ᠡᠬᠢᠯᠡᠭᠰᠡᠨ ᠠᠴᠠ ᠨᠠᠭᠠᠰᠢ᠂ ᠥᠪᠥᠷ ᠮᠣᠩᠭᠤᠯ ᠤᠨ ᠡᠯ᠎ᠡ ᠱᠠᠲᠤᠨ ᠤ ᠡᠳ᠋ ᠤᠨ ᠵᠠᠰᠠᠭ ᠤᠨ ᠨᠢᠭᠡᠳᠦᠯᠲᠡᠢ ᠲᠥᠯᠥᠪᠯᠡᠬᠦ ᠪᠡᠯᠡ ᠮᠥᠩᠭᠦ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠳᠤ ᠠᠩᠬᠠᠷᠤᠯ ᠪᠠ ᠬᠦᠴᠦ ᠪᠠᠨ ᠲᠥᠪᠯᠡᠷᠡᠭᠦᠯᠵᠦ᠂ ᠡᠳ᠋ ᠤᠨ ᠵᠠᠰᠠᠭ ᠠᠴᠠ ︽ᠲᠠᠪᠤᠨ ᠶᠡᠭᠡ ᠡᠭᠦᠷᠭᠡ︾ ᠶᠢ ᠳᠡᠮᠵᠢᠬᠦ ᠪᠡᠯᠡ ᠮᠥᠩᠭᠦ ᠶᠢᠨ ᠣᠷᠣᠭᠤᠯᠤᠯᠲᠠ ᠶᠢᠨ ᠪᠠᠷᠢᠮᠵᠢᠶ᠎ᠠ ᠪᠠᠷ ᠪᠦᠷᠢᠳᠬᠡᠪᠡᠯ᠂ 1 – 9 ᠳ᠋ᠦ᠋ᠭᠡᠷ ᠰᠠᠷ᠎ᠠ ᠳᠤ ᠪᠥᠬᠦ ᠣᠷᠣᠨ ᠤ ︽ᠲᠠᠪᠤᠨ ᠶᠡᠭᠡ ᠡᠭᠦᠷᠭᠡ︾ ᠶᠢ ᠪᠠᠲᠤᠯᠠᠬᠤ ᠵᠠᠷᠤᠯᠭ᠎ᠠ 1767 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 38% ᠶᠢ ᠡᠵᠡᠯᠡᠪᠡ᠃       ᠡᠨᠡ ᠵᠢᠯ ᠤᠨ 1 – 9 ᠳ᠋ᠦ᠋ᠭᠡᠷ ᠰᠠᠷ᠎ᠠ ᠳᠤ᠂ ᠪᠥᠬᠦ ᠣᠷᠣᠨ ᠤ ᠡᠩ ᠤᠨ ᠨᠡᠶᠢᠲᠡ ᠶᠢᠨ ᠲᠥᠰᠥᠪ ᠤᠨ ᠵᠠᠷᠤᠯᠭ᠎ᠠ 4651.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 288.3 ᠳ᠋ᠦᠩᠰᠢᠭᠤᠷ ᠲᠥᠭᠦᠷᠢᠭ ᠨᠡᠮᠡᠭᠳᠡᠨ᠂ 6.6% ᠪᠠᠷ ᠨᠡᠮᠡᠭᠳᠡᠵᠦ᠂ 1 – 8 ᠳ᠋ᠤᠭᠠᠷ ᠰᠠᠷ᠎ᠠ ᠶᠢᠨ  ᠬᠢ ᠠᠴᠠ 1.6 ᠵᠠᠭᠤᠨ ᠤ ᠴᠡᠭ ᠳᠡᠭᠡᠭᠰᠢᠯᠡᠵᠡᠢ᠃ ᠡᠮᠦᠨ᠎ᠡ ᠭᠤᠷᠪᠠᠨ ᠤᠯᠠᠷᠢᠯ ᠳᠤ᠂ ᠪᠥᠬᠦ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠭᠤᠣᠯᠳᠠᠯᠭ᠎ᠠ ᠲᠠᠢ ᠵᠠᠷᠤᠯᠭ᠎ᠠ ᠶᠢᠨ ᠪᠠᠲᠤᠯᠠᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 21 ᠵᠦᠢᠯ ᠤᠨ ᠭᠤᠣᠯ ᠪᠣᠯᠬᠤ ᠵᠠᠷᠤᠯᠭ᠎ᠠ ᠶᠢᠨ ᠲᠥᠷᠥᠯ ᠤᠨ 19 ᠵᠦᠢᠯ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠯ ᠢᠶᠠᠨ ᠪᠠᠲᠤᠯᠠᠵᠤ᠂ ᠡᠩ ᠤᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠳᠠᠶᠢᠴᠢᠯᠠᠪᠠ᠃ ᠡᠭᠦᠨ ᠳᠤ᠂ ᠰᠢᠨᠵᠢᠯᠡᠬᠦ ᠤᠬᠠᠭᠠᠨ ᠮᠡᠷᠭᠡᠵᠢᠯ᠂ ᠬᠤᠳᠠᠯᠳᠤᠭᠠᠨ ᠤ ᠦᠢᠯᠡᠴᠢᠯᠡᠭᠡᠨ ᠤ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠮᠤ ᠲᠣᠰᠣ ᠡᠳ᠋ ᠪᠣᠳᠠᠰ ᠤᠨ ᠨᠥᠭᠡᠴᠡ᠂ ᠡᠬᠢ ᠪᠠᠶᠠᠯᠢᠭ ᠤᠨ ᠬᠠᠶᠢᠨ ᠰᠢᠨᠵᠢᠯᠡᠯᠲᠡ ᠶᠢᠨ ᠮᠡᠳᠡᠭᠡᠯᠡᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ᠂ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ ᠶᠢᠨ ᠨᠡᠮᠡᠭᠳᠡᠯ ᠤᠨ ᠬᠡᠮᠵᠢᠶ᠎ᠡ ᠴᠥᠮ 10% ᠶᠢ ᠳᠠᠪᠠᠵᠤ᠂ ᠪᠣᠳᠠᠲᠠᠢ ᠨᠡᠮᠡᠭᠳᠡᠯ ᠤᠨ ᠬᠡᠮᠵᠢᠶ᠎ᠡ ᠨᠢ ᠲᠣᠰ ᠲᠣᠰ᠄ 107.1%᠂ 46.2%᠂ 17.2%᠂ 10.6%᠂ 13.5%᠂ 31.9%᠂ 19.8%᠂ 10.6% ᠪᠣᠯᠣᠨ᠎ᠠ᠃       ᠡᠨᠡ ᠵᠢᠯ ᠤᠨ 1 – 9 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠡᠩ ᠤᠨ ᠨᠡᠶᠢᠲᠡ ᠶᠢᠨ ᠲᠥᠰᠥᠪ ᠤᠨ ᠣᠷᠣᠯᠭ᠎ᠠ 2411.1 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠵᠢᠱᠢᠯᠲᠡ ︵2850 ᠳ᠋ᠦᠩᠰᠢᠭᠤᠷ ᠲᠥᠭᠦᠷᠢᠭ︶ ᠶᠢᠨ 84.6% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ 176.6 ᠳ᠋ᠦᠩᠰᠢᠭᠤᠷ ᠲᠥᠭᠦᠷᠢᠭ ᠨᠡᠮᠡᠭᠳᠡᠨ᠂ 7.9% ᠪᠠᠷ ᠨᠡᠮᠡᠭᠳᠡᠪᠡ᠃ ᠡᠭᠦᠨ ᠤ ᠳᠣᠲᠣᠷ᠎ᠠ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠡᠵᠡᠯᠡᠬᠦ ᠬᠠᠷᠢᠴᠠᠯ 74.4% ᠳᠤ ᠬᠦᠷᠴᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ