ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/10/24

ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ

ᠬᠤᠳᠠ ᠶᠢᠨ ᠨᠠᠮ ᠤᠨ ᠬᠤᠷᠢᠶ᠎ᠠ ᠠᠴᠠ ᠳᠣᠣᠷᠠᠬᠢ ᠺᠠᠳ᠋ᠷ ᠤᠳ ᠢ ᠢᠯᠡ ᠨᠡᠶᠢᠲᠡᠯᠡᠬᠦ ᠪᠠᠷ ᠰᠣᠳᠤᠯᠤᠨ ᠲᠣᠭᠲᠠᠪᠠ᠃

ᠨᠢᠭᠡ᠂ ᠢᠯᠡ ᠨᠡᠶᠢᠲᠡᠯᠡᠬᠦ ᠨᠡᠷᠡᠰ

ᠯᠢᠦ ᠸᠧᠢ ᠯᠢᠨ᠂ ᠡᠷᠡᠭᠲᠡᠢ᠂ ᠬᠢᠲᠠᠳ ᠦᠨᠳᠦᠰᠦᠲᠡᠨ᠂ 1986 ᠣᠨ ᠤ 1 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ

᠎ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠯᠢᠨᠰᠢ ᠰᠢᠶᠠᠨ ᠤ

ᠳᠡᠳ᠋ ᠳᠠᠷᠤᠭ᠎ᠠ ᠶᠢᠨ ᠲᠤᠰᠢᠶᠠᠯ ᠲᠠᠢ᠂ ᠬᠤᠳᠠ ᠶᠢᠨ ᠤᠯᠠᠨ ᠲᠦᠮᠡᠨ ᠤ ᠪᠦᠯᠬᠦᠮ ᠤᠨ ᠪᠠᠶᠢᠭᠤᠯᠤᠯᠭ᠎ᠠ ᠶᠢᠨ ᠵᠢᠩᠬᠢᠨᠢ

ᠲᠤᠰᠢᠶᠠᠯ ᠳᠤ ᠲᠣᠮᠢᠯᠠᠬᠤ ᠪᠠᠷ ᠪᠤᠢ᠃

ᠰᠦᠨ ᠭᠤᠸᠠᠩ ᠲᠦᠩ᠂ ᠡᠷᠡᠭᠲᠡᠢ᠂ ᠬᠢᠲᠠᠳ ᠦᠨᠳᠦᠰᠦᠲᠡᠨ᠂ 1980 ᠣᠨ ᠤ 1 ᠰᠠᠷ᠎ᠠ ᠳᠤ ᠲᠦᠷᠦᠵᠠᠢ᠂ ᠥᠪᠥᠷ

ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ

ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ

ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ

ᠰᠤᠳᠤᠯᠤᠭᠴᠢ ᠶᠢᠨ ᠲᠤᠰᠢᠶᠠᠯ ᠲᠠᠢ᠂ ᠬᠤᠳᠠ ᠶᠢᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ

ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠤᠢ᠃

ᠳ᠋ᠤᠸᠠᠨ ᡁᠢ ᠭᠦᠸᠧ᠂ ᠡᠷᠡᠭᠲᠡᠢ᠂ ᠮᠣᠩᠭᠤᠯ ᠦᠨᠳᠦᠰᠦᠲᠡᠨ᠂ 1979 ᠣᠨ ᠤ 10 ᠰᠠᠷ᠎ᠠ ᠳᠤ ᠳᠦᠷᠦᠵᠡᠶ᠂ ᠶᠡᠭᠡ

ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ

ᠪᠠᠭᠠᠷᠢᠨ ᠵᠡᠭᠦᠨ ᠬᠤᠰᠢᠭᠤᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ

ᠨᠠᠮ ᠤᠨ ᠬᠤᠷᠢᠶᠠᠨ ᠤ ᠳᠡᠳ᠋ ᠲᠤᠰᠢᠶᠠᠯ ᠳᠤ ᠲᠣᠮᠢᠯᠠᠬᠤ ᠪᠠᠷ ᠪᠣᠶ ᠃

ᠯᠢᠦ ᠬᠠᠢ ᠮᠧᠶ᠂ ᠡᠮᠡᠭᠲᠡᠢ᠂ ᠬᠢᠲᠠᠳ ᠦᠨᠳᠦᠰᠦᠲᠡᠨ᠂ 1978 ᠣᠨ ᠤ 3 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ

᠎ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠯᠠᠭᠠᠨᠬᠠᠳᠠ ᠶᠢᠨ

ᠷᠠᠳᠢᠣ᠋ ᠲᠧᠯᠸᠢᠰ ᠬᠤᠷᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠶᠡᠷᠦᠩᠬᠡᠢ ᠨᠠᠶᠢᠷᠠᠭᠤᠯᠤᠭᠴᠢ ᠶᠢᠨ ᠲᠤᠰᠢᠶᠠᠯ

᠎ ᠲᠠᠢ᠂ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠲᠤᠰᠢᠶᠠᠯ ᠳᠤ ᠲᠣᠮᠢᠯᠠᠬᠤ ᠪᠠᠷ ᠪᠣᠶ᠃

ᠯᠢᠦᠢ ᡁᠢ ᠸᠧᠢ᠂ ᠡᠷᠡᠭᠲᠡᠢ᠂ ᠬᠢᠲᠠᠳ ᠦᠨᠳᠦᠰᠦᠲᠡᠨ᠂ 1982 ᠣᠨ ᠤ 9 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ

᠎ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠯᠢᠨᠰᠢ ᠰᠢᠶᠠᠨ ᠤ

ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂

ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ

ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ ᠃

ᠯᠢ ᡁᠢ ᠴᠢᠶᠠᠩ᠂ ᠡᠷᠡᠭᠲᠡᠢ᠂ ᠮᠠᠨᠵᠤ ᠦᠨᠳᠦᠰᠦᠲᠡᠨ᠂ 1972 ᠣᠨ ᠤ 7 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ

ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ

ᠨᠠᠮ ᠤᠨ ᠭᠡᠰᠢᠭᠦᠨ᠂ ᠣᠲᠣ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠡᠳ᠋ ᠤᠨ ᠵᠠᠰᠠᠭ ᠤᠨ

ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ᠂

ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ

ᠪᠣᠶ᠃

ᠬᠤᠶᠠᠷ᠂ ᠢᠯᠡ ᠨᠡᠶᠢᠲᠡᠯᠡᠬᠦ ᠴᠠᠭ

2023 ᠣᠨ ᠤ 10 ᠰᠠᠷ᠎ᠠ ᠶᠢᠨ 24᠎ ᠤ ᠡᠳᠦᠷ ᠠᠴᠠ 2023 ᠣᠨ ᠤ 10 ᠰᠠᠷ᠎ᠠ ᠶᠢᠨ 30᠎ ᠤ ᠡᠳᠦᠷ ᠪᠣᠯᠲᠠᠯ᠎ᠠ

ᠪᠣᠯᠤᠨ᠎ᠠ᠃

ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ

ᠨᠢᠭᠡᠴᠡ ᠪᠣᠯᠣᠨ ᠬᠤᠪᠢ ᠬᠥᠮᠥᠨ ᠴᠦᠮ ᠰᠣᠷᠪᠤᠯᠵᠢᠯᠠᠭ᠎ᠠ ᠬᠢᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ

ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ

ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ

ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ

ᠬᠥᠮᠥᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ

ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ

ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃

     ᠢᠯᠡ ᠨᠡᠶᠢᠲᠡᠯᠡᠬᠦ ᠠᠯᠪᠠᠨ ᠭᠡᠷ ᠢ ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A

ᠰᠠᠭᠤᠳᠠᠯ ᠤᠨ 715 ᠲᠠᠰᠤᠭ ᠲᠤ ᠲᠣᠬᠢᠷᠠᠭᠤᠯᠪᠠ᠃

        ᠭᠥᠯᠢᠶᠡᠨ ᠠᠪᠬᠤ ᠴᠠᠭ᠄ ᠠᠵᠢᠯ ᠤᠨ ᠡᠳᠦᠷ ᠤᠨ ᠦᠳᠡ ᠶᠢᠨ ᠡᠮᠦᠨᠡᠬᠢ 8᠄ 30 ︱ 12᠄ 00

                                                ᠦᠳᠡ ᠶᠢᠨ ᠬᠤᠶᠢᠨᠠᠬᠢ 2᠄ 30 ︱ 5᠄ 30

         ᠭᠥᠯᠢᠶᠡᠨ ᠠᠪᠬᠤ ᠤᠲᠠᠰᠤ᠄ ︵0476︶ 12380

         ᠣᠨᠴᠠᠭᠠᠶᠢᠯᠠᠨ ᠵᠠᠷᠯᠠᠪᠠ

      ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ ᠶᠢᠨ ᠵᠣᠬᠢᠶᠠᠨ ᠪᠠᠶᠢᠭᠤᠯᠬᠤ

ᠬᠡᠯᠲᠡᠰ

                                           2023 ᠣᠨ ᠤ 10 ᠰᠠᠷ᠎ᠠ ᠶᠢᠨ 23᠎ ᠤ ᠡᠳᠦᠷ

 

ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ