︽ᠤᠯᠠᠭᠠᠨᠬᠠᠳᠠ ᠬᠤᠲᠠ ᠶᠢᠨ ᠴᠠᠭ ᠠᠭᠤᠷ ᠠᠴᠠ ᠡᠭᠦᠰᠬᠦ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2023 ᠣᠨ ᠤ ᠬᠡᠪᠯᠡᠯ︶︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2023/10/24
      ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ       ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠳᠤᠯᠠᠭᠠᠷᠠᠬᠤ ᠶᠢ ᠳᠠᠭᠠᠯᠳᠤᠨ᠂ ᠲᠣᠶᠢᠯᠰᠢᠷᠠᠯ ᠤᠨ ᠴᠠᠭ ᠠᠭᠤᠷ ᠣᠯᠠᠨᠲᠠ ᠡᠭᠦᠰᠴᠦ᠂ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠤᠯᠠᠮ ᠨᠢᠭᠡ ᠠᠯᠬᠤᠮ ᠬᠦᠨᠳᠦᠷᠴᠦ᠂ ᠦᠢᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠶ ᠬᠠᠷᠰᠢᠯᠡᠨ᠂ ᠨᠡᠶᠢᠭᠡᠮ ᠤᠨ ᠳᠢᠭᠯᠢᠮ ᠢ ᠡᠪᠳᠡᠵᠦ᠂ ᠲᠡᠭᠡᠬᠦ ᠮᠥᠷᠲᠡᠭᠡᠨ ᠶᠡᠭᠡ ᠬᠡᠮᠵᠢᠶᠡᠨ ᠤ ᠬᠥᠮᠦᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠬᠤᠬᠢᠷᠠᠵᠤ᠂ ᠴᠠᠭ ᠠᠭᠤᠷ ᠠᠴᠠ ᠡᠭᠦᠰᠬᠦ ᠭᠠᠮᠰᠢᠭ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠭᠦᠢᠴᠡᠳ ᠳᠡᠭᠡᠭᠰᠢᠯᠡᠭᠦᠯᠵᠦ᠂ ︽ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠬᠤᠯᠠᠴᠢᠯᠠᠬᠤ ᠠᠴᠠ ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠲᠡᠰᠢ ᠬᠤᠪᠢᠷᠠᠭᠤᠯᠬᠤ᠂ ᠳᠠᠩ ᠭᠠᠭᠴᠠ ᠭᠠᠮᠰᠢᠭ ᠢ ᠠᠷᠭᠠᠴᠠᠭᠠᠬᠤ ᠠᠴᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠵᠤ ᠪᠠᠶᠢᠭᠰᠠᠨ ᠠᠴᠠ ᠭᠠᠮᠰᠢᠭ ᠤᠨ ᠲᠦᠭᠰᠢᠭᠦᠷᠢ ᠶᠢ ᠪᠠᠭᠠᠰᠬᠠᠬᠤ ᠪᠣᠯᠭᠠᠨ ᠬᠤᠪᠢᠷᠠᠭᠤᠯᠬᠤ︾᠎ ᠶᠢ ᠴᠢᠷᠮᠠᠶᠢᠨ ᠪᠡᠶᠡᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠠᠴᠠ ᠡᠭᠦᠰᠬᠦ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2021 ᠣᠨ ᠤ ᠬᠡᠪᠯᠡᠯ︶︾᠎ ᠢ ᠰᠠᠶᠢᠲᠤᠷ ᠨᠠᠶᠢᠳᠠᠪᠤᠷᠢᠵᠢᠭᠤᠯᠤᠨ᠂ ᠮᠠᠨ ᠤ ᠬᠤᠲᠠ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠢᠯᠡᠭᠰᠡᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠴᠠᠭ ᠠᠭᠤᠷ ᠤᠨ ᠲᠣᠪᠴᠢᠶ᠎ᠠ ︽ᠤᠯᠠᠭᠠᠨᠬᠠᠳᠠ ᠬᠤᠲᠠ ᠶᠢᠨ ᠴᠠᠭ ᠠᠭᠤᠷ ᠠᠴᠠ ᠡᠭᠦᠰᠬᠦ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2023 ᠣᠨ ᠤ ᠬᠡᠪᠯᠡᠯ︶᠎ ᠢ ᠳᠠᠷᠤᠮᠠᠯᠯᠠᠨ ᠲᠠᠷᠬᠠᠭᠠᠬᠤ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠳᠣᠷᠣᠭᠰᠢ ︽ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠭᠡᠵᠦ ᠲᠣᠪᠴᠢᠯᠠᠨ᠎ᠠ︶᠎ ᠢ ᠰᠤᠳᠤᠯᠤᠨ ᠲᠤᠭᠤᠷᠪᠢᠪᠠ᠃      ᠬᠤᠶᠠᠷ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ       ᠲᠤᠰ ︽ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠎ ᠢ ᠲᠣᠭᠲᠠᠭᠠᠭᠰᠠᠨ ᠦᠨᠳᠦᠰᠦᠯᠡᠯ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠡᠭᠦᠰᠬᠦ ᠬᠡᠷᠡᠭ ᠢ ᠠᠷᠭᠠᠴᠠᠭᠠᠬᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾ ︽ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︽ᠴᠠᠭ ᠠᠭᠤᠷ ᠠᠴᠠ ᠡᠭᠦᠰᠬᠦ ᠭᠠᠮᠰᠢᠭ ᠢ ᠰᠡᠷᠭᠡᠶᠢᠯᠡᠬᠦ ᠳᠦᠷᠢᠮ︾ ︽ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠳᠦᠷᠢᠮ︾ ︽ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠳᠦᠷᠢᠮ︾ ︽ᠴᠠᠭ ᠠᠭᠤᠷ ᠠᠴᠠ ᠡᠭᠦᠰᠬᠦ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠵᠢᠴᠢ ᠮᠡᠳᠡᠭᠡ ᠵᠠᠩᠭᠢ ᠨᠡᠶᠢᠲᠡᠯᠡᠬᠦ ᠠᠵᠢᠯ ᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︽ᠤᠯᠤᠰ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ︾ ︽ᠤᠯᠤᠰ ᠤᠨ ᠴᠠᠭ ᠠᠭᠤᠷ ᠠᠴᠠ ᠡᠭᠦᠰᠬᠦ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠠᠴᠠ ᠡᠭᠦᠰᠬᠦ ᠭᠠᠮᠰᠢᠭ ᠢ ᠰᠡᠷᠭᠡᠶᠢᠯᠡᠬᠦ ᠲᠥᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠠᠴᠠ ᠡᠭᠦᠰᠬᠦ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠢᠭᠡᠳ ᠲᠠᠷᠬᠠᠭᠠᠬᠤ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ︽ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ︽ᠤᠯᠠᠭᠠᠨᠬᠠᠳᠠ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠦᠷᠢᠮ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠠᠴᠠ ᠡᠭᠦᠰᠬᠦ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2021 ᠣᠨ ᠤ ᠬᠡᠪᠯᠡᠯ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 96 ᠳ᠋ᠤᠭᠠᠷ ᠲᠣᠭᠠᠲᠤ︶ ᠪᠣᠯᠤᠨ᠎ᠠ᠃      ᠭᠤᠷᠪᠠ᠂ ᠨᠠᠶᠢᠷᠠᠭᠤᠯᠤᠨ ᠵᠣᠬᠢᠶᠠᠭᠰᠠᠨ ᠵᠠᠷᠴᠢᠮ       ᠬᠥᠮᠦᠨ ᠢᠶᠠᠷ ᠦᠨᠳᠦᠰᠦ ᠪᠣᠯᠭᠠᠵᠤ᠂ ᠬᠤᠣᠷ ᠬᠥᠨᠥᠭᠡᠯ ᠢ ᠪᠠᠭᠠᠰᠬᠠᠨ᠎ᠠ᠃       ᠰᠡᠷᠭᠡᠶᠢᠯᠡᠬᠦ ᠪᠠᠷ ᠭᠤᠣᠯ ᠪᠣᠯᠭᠠᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠪᠠᠶᠢᠯᠭᠠᠨ᠎ᠠ᠃       ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠡᠮᠬᠢ ᠵᠢᠷᠤᠮ ᠲᠠᠢ ᠵᠣᠬᠢᠴᠠᠭᠤᠯᠤᠨ᠎ᠠ᠃       ᠱᠠᠲᠤ ᠬᠤᠪᠢᠶᠠᠨ ᠬᠠᠮᠢᠶᠠᠷᠴᠤ᠂ ᠬᠠᠷᠢᠶ᠎ᠠ ᠭᠠᠵᠠᠷ ᠢᠶᠠᠷ ᠭᠤᠤᠯ ᠪᠣᠯᠭᠠᠨ᠎ᠠ᠃      ᠳᠥᠷᠪᠡ᠂ ᠬᠡᠷᠡᠭᠯᠡᠬᠦ ᠬᠡᠪᠴᠢᠶ᠎ᠡ       ︽ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠎ ᠢ ᠤᠯᠠᠭᠠᠨᠬᠠᠳᠠ ᠬᠤᠲᠠ ᠶᠢᠨ ᠵᠠᠰᠠᠭ ᠵᠠᠬᠢᠷᠭᠠᠨ ᠤ ᠣᠷᠣᠨ ᠳᠣᠲᠣᠷᠠᠬᠢ ᠲᠠᠷᠢᠶᠠᠯᠠᠩ ᠮᠠᠯ ᠠᠵᠤ ᠠᠬᠤᠶ ᠶᠢᠨ ᠭᠠᠩ ᠬᠠᠭᠰᠠᠷᠭᠠᠨ᠂ ᠶᠡᠭᠡ ᠰᠠᠯᠬᠢ᠂ ᠡᠯᠡᠰᠦᠨ ᠰᠢᠭᠤᠷᠭ᠎ᠠ᠂ ᠬᠦᠢᠲᠡᠨ ᠤᠷᠤᠰᠬᠠᠯ᠂ ᠰᠢᠷᠦᠭᠦᠨ ᠪᠣᠷᠣᠭᠠᠨ᠂ ᠶᠡᠭᠡ ᠴᠠᠰᠤ᠂ ᠬᠢᠷᠠᠭᠤ ᠤᠨᠠᠬᠤ᠂ ᠥᠨᠳᠥᠷ ᠳᠤᠯᠠᠭᠠᠨ᠂ ᠳᠣᠣᠷ᠎ᠠ ᠳᠤᠯᠠᠭᠠᠨ ᠂ ᠶᠡᠭᠡ ᠮᠠᠨᠠᠨ ᠵᠡᠷᠭᠡ ᠴᠠᠭ ᠠᠭᠤᠷ ᠠᠴᠠ ᠡᠭᠦᠰᠬᠦ ᠭᠠᠮᠰᠢᠭ ᠤᠨ ᠬᠡᠷᠡᠭ ᠢ ᠰᠡᠷᠡᠮᠵᠢᠯᠡᠬᠦ ᠪᠠ ᠠᠷᠭᠠᠴᠠᠭᠠᠬᠤ ᠳᠤ ᠬᠡᠷᠡᠭᠯᠡᠨ᠎ᠡ᠃ ᠴᠠᠭ ᠠᠭᠤᠷ ᠠᠴᠠ ᠡᠭᠦᠰᠬᠦ ᠭᠠᠮᠰᠢᠭ ᠠᠴᠠ ᠪᠣᠯᠤᠭᠰᠠᠨ ᠦᠶᠡᠷ ᠭᠠᠩ ᠤᠨ ᠭᠠᠮᠰᠢᠭ᠂ ᠭᠠᠵᠠᠷ ᠤᠨ ᠭᠠᠮᠰᠢᠭ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ᠂ ᠪᠣᠬᠢᠷᠲᠤᠭᠰᠠᠨ ᠴᠠᠭ ᠠᠭᠤᠷ ᠵᠡᠷᠭᠡ ᠪᠤᠰᠤᠳ ᠭᠠᠮᠰᠢᠭ ᠢ ᠰᠢᠢᠳᠪᠦᠷᠢᠯᠡᠬᠦ ᠳᠤ ᠪᠠᠴᠢᠮ ᠪᠠᠶᠢᠳᠠᠯ ᠢ ᠠᠷᠭᠠᠴᠠᠭᠠᠬᠤ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠲᠣᠭᠲᠠᠭᠠᠯ ᠢ ᠬᠡᠷᠡᠭᠯᠡᠨ᠎ᠡ᠃      ᠲᠠᠪᠤ᠂ ᠭᠤᠣᠯ ᠠᠭᠤᠯᠭ᠎ᠠ       ︽ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠎ ᠢ ᠶᠡᠷᠦᠩᠬᠡᠶ ᠳᠦᠷᠢᠮ᠂ ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮ ᠵᠢᠴᠢ ᠲᠤᠰᠢᠶᠠᠯ ᠬᠠᠷᠢᠭᠤᠴᠠᠯᠭ᠎ᠠ᠂ ᠰᠡᠷᠡᠮᠵᠢᠯᠡᠭᠦᠯᠬᠦ ᠲᠣᠭᠲᠠᠴᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠳᠠᠷᠠᠭᠠᠴᠢ ᠶᠢᠨ ᠰᠢᠢᠳᠪᠦᠷᠢᠯᠡᠯᠲᠡ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠂ ᠬᠢᠨᠠᠨ ᠬᠠᠮᠢᠶᠠᠷᠬᠤ᠂ ᠳᠠᠭᠠᠯᠳᠤᠭᠤᠯᠤᠯ ᠳᠦᠷᠢᠮ ᠵᠡᠷᠭᠡ ᠨᠠᠢᠮᠠᠨ ᠬᠡᠰᠡᠭ ᠬᠤᠪᠢᠶᠠᠨ᠎ᠠ᠃       ᠶᠡᠷᠦᠩᠬᠡᠶ ᠳᠦᠷᠢᠮ ᠤᠨ ᠬᠡᠰᠡᠭ ᠲᠤ ᠨᠠᠶᠢᠷᠠᠭᠤᠯᠤᠨ ᠵᠣᠬᠢᠶᠠᠭᠰᠠᠨ ᠵᠣᠷᠢᠯᠭ᠎ᠠ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ ᠠᠵᠢᠯ ᠤᠨ ᠵᠠᠷᠴᠢᠮ ᠪᠣᠯᠤᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠪᠠ᠃       ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮ ᠵᠢᠴᠢ ᠲᠤᠰᠢᠶᠠᠯ ᠬᠠᠷᠢᠭᠤᠴᠠᠯᠭ᠎ᠠ ᠶᠢᠨ ᠬᠡᠰᠡᠭ ᠲᠤ ᠵᠢᠯᠣᠭᠤᠳᠬᠤ ᠪᠠᠶᠢᠭᠤᠯᠤᠮᠵᠢ᠂ ᠵᠢᠯᠣᠭᠤᠳᠬᠤ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠠᠯᠠᠪᠤᠷ ᠭᠠᠵᠠᠷ ᠪᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠲᠣᠳᠤᠷᠬᠠᠶᠢᠯᠠᠪᠠ᠃      ᠰᠡᠷᠡᠮᠵᠢᠯᠡᠭᠦᠯᠬᠦ ᠲᠣᠭᠲᠠᠴᠠ ᠶᠢᠨ ᠬᠡᠰᠡᠭ ᠲᠤ ᠴᠠᠭ ᠠᠭᠤᠷ ᠠᠴᠠ ᠡᠭᠦᠰᠬᠦ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ᠂ ᠴᠠᠭ ᠠᠭᠤᠷ ᠠᠴᠠ ᠡᠭᠦᠰᠬᠦ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ᠂ ᠴᠠᠭ ᠠᠭᠤᠷ ᠠᠴᠠ ᠡᠭᠦᠰᠬᠦ ᠭᠠᠮᠰᠢᠭ ᠢ ᠰᠡᠷᠡᠮᠵᠢᠯᠡᠭᠦᠯᠬᠦ ᠶᠢ ᠨᠡᠶᠢᠲᠡᠯᠡᠬᠦ᠂ ᠰᠡᠷᠡᠮᠵᠢᠯᠡᠭᠦᠯᠬᠦ ᠪᠡᠯᠡᠳᠬᠡᠯ ᠪᠠᠭᠲᠠᠨ᠎ᠠ᠃       ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠡᠰᠡᠭ ᠲᠤ ᠮᠡᠳᠡᠭᠡ ᠵᠠᠩᠭᠢ ᠮᠡᠳᠡᠭᠦᠯᠬᠦ ᠲᠣᠭᠲᠠᠴᠠ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭᠠᠨ ᠢ ᠡᠬᠢᠯᠡᠭᠦᠯᠬᠦ ᠨᠥᠬᠦᠴᠡᠯ᠂ ᠡᠬᠢᠯᠡᠭᠦᠯᠬᠦ ᠶᠠᠪᠤᠴᠠ᠂ ᠱᠠᠲᠤ ᠬᠤᠪᠢᠶᠠᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭᠠᠨ᠂ ᠲᠤᠬᠠᠶ ᠶᠢᠨ ᠲᠠᠯᠠᠪᠠᠢ ᠳᠤ ᠰᠢᠢᠳᠪᠦᠷᠢᠯᠡᠬᠦ᠂ ᠨᠡᠶᠢᠭᠡᠮ ᠤᠨ ᠬᠦᠴᠦᠨ ᠢ ᠳᠠᠶᠢᠴᠢᠯᠠᠬᠤ ᠪᠠ ᠣᠷᠣᠯᠴᠠᠭᠤᠯᠬᠤ᠂ ᠰᠡᠷᠡᠮᠵᠢᠯᠡᠭᠦᠯᠬᠦ ᠠᠵᠢᠯᠯᠠᠭᠠᠨ ᠢ ᠬᠦᠴᠦᠨ ᠥᠬᠡᠶ ᠪᠣᠯᠭᠠᠬᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭᠠᠨ ᠤ ᠮᠡᠳᠡᠭᠡ ᠵᠠᠩᠭᠢ ᠶᠢ ᠨᠡᠶᠢᠲᠡᠯᠡᠬᠦ ᠶᠢ ᠲᠣᠳᠤᠷᠬᠠᠶᠢᠯᠠᠪᠠ᠃       ᠳᠠᠷᠠᠭᠠᠴᠢ ᠶᠢᠨ ᠰᠢᠢᠳᠪᠦᠷᠢᠯᠡᠯᠲᠡ ᠶᠢᠨ ᠬᠡᠰᠡᠭ ᠲᠤ ᠲᠥᠯᠥᠪᠵᠢᠭᠦᠯᠭᠡ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠪᠠᠶᠢᠴᠠᠭᠠᠵᠤ ᠦᠨᠡᠯᠡᠨ ᠵᠢᠱᠢᠬᠦ᠂ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠬᠤ᠂ ᠳᠠᠷᠠᠭᠠᠴᠢ ᠶᠢᠨ ᠠᠵᠢᠯ ᠢ ᠰᠢᠢᠳᠪᠦᠷᠢᠯᠡᠬᠦ᠂ ᠲᠠᠲᠠᠪᠤᠷᠢᠯᠠᠨ ᠬᠡᠷᠡᠭᠯᠡᠭᠰᠡᠨ ᠤ ᠨᠥᠬᠦᠪᠥᠷᠢ᠂ ᠭᠠᠮᠰᠢᠭ ᠤᠨ ᠳᠠᠭᠠᠳᠬᠠᠯ ᠵᠡᠷᠭᠡ ᠪᠠᠭᠲᠠᠨ᠎ᠠ᠃      ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠬᠡᠰᠡᠭ ᠲᠤ ᠬᠥᠮᠦᠨ ᠤ ᠬᠦᠴᠦᠨ᠂ ᠪᠡᠯᠡ ᠮᠥᠩᠭᠦ᠂ ᠡᠳ᠋ ᠪᠣᠳᠠᠰ ᠂ ᠴᠢᠮᠡᠭᠡ ᠬᠤᠯᠪᠣᠭ᠎ᠠ᠂ ᠵᠠᠮ ᠬᠠᠷᠢᠯᠴᠠᠭ᠎ᠠ᠂ ᠮᠡᠷᠭᠡᠵᠢᠯ ᠵᠡᠷᠭᠡ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠵᠠᠶᠢᠯᠠᠬᠤ ᠲᠠᠯᠠᠪᠤᠷ ᠢ ᠲᠣᠳᠣᠷᠬᠠᠶᠢᠯᠠᠪᠠ᠃      ᠬᠢᠨᠠᠨ ᠬᠠᠮᠢᠶᠠᠷᠬᠤ ᠬᠡᠰᠡᠭ ᠲᠤ ᠪᠡᠯᠡᠳᠬᠡᠯ ᠲᠥᠰᠦᠯ ᠤᠨ ᠰᠣᠷᠢᠯᠲᠠ᠂ ᠤᠬᠠᠭᠤᠯᠭ᠎ᠠ ᠪᠣᠯᠪᠠᠰᠤᠷᠠᠯ᠂ ᠬᠠᠷᠢᠭᠤᠴᠠᠯᠭ᠎ᠠ ᠬᠢᠭᠡᠳ ᠱᠠᠩᠨᠠᠵᠤ ᠲᠣᠷᠭᠠᠬᠤ᠂ ᠪᠡᠯᠡᠳᠬᠡᠯ ᠲᠥᠰᠦᠯ ᠤᠨ ᠬᠠᠮᠢᠶᠠᠷᠤᠯᠲᠠ ᠪᠠᠭᠲᠠᠨ᠎ᠠ᠃       ᠳᠠᠭᠠᠯᠳᠤᠭᠤᠯᠤᠯ ᠳᠦᠷᠢᠮ ᠤᠨ ᠬᠡᠰᠡᠭ ᠲᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠳᠠᠬᠢ ᠬᠤᠯᠪᠤᠭᠳᠠᠭᠰᠠᠨ ᠨᠡᠷ᠎ᠡ ᠲᠣᠮᠢᠶ᠎ᠠ ᠪᠠ ᠴᠠᠭ ᠠᠭᠤᠷ ᠠᠴᠠ ᠡᠭᠦᠰᠬᠦ ᠭᠠᠮᠰᠢᠭ ᠢ ᠰᠡᠷᠡᠮᠵᠢᠯᠡᠭᠦᠯᠬᠦ ᠳᠡᠰ ᠬᠤᠪᠢᠶᠠᠬᠤ ᠪᠠᠷᠢᠮᠵᠢᠶ᠎ᠠ ᠶᠢ ᠲᠣᠳᠣᠷᠬᠠᠶᠢᠯᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ