15 ᠬᠥᠮᠥᠨ ᠭᠤᠷᠪᠠᠳᠤᠭᠠᠷ ᠤᠯᠠᠷᠢᠯ ᠤᠨ ︽ᠥᠪᠥᠷ ᠮᠣᠩᠭᠤᠯ ᠤᠨ ᠰᠠᠶᠢᠨ ᠬᠥᠮᠥᠨ︾ ᠢᠶᠠᠷ ᠲᠣᠳᠣᠷᠠᠯ᠎ᠠ
ᠨᠡᠶᠢᠲᠡᠯᠡᠭᠰᠡᠨ ᠴᠠᠭ᠄
2023/10/24
      10 ᠰᠠᠷ᠎ᠠ ᠶᠢᠨ 18 ᠤ ᠡᠳᠦᠷ᠂ 2023 ᠣᠨ ᠤ ᠭᠤᠷᠪᠠᠳᠤᠭᠠᠷ ᠤᠯᠠᠷᠢᠯ ᠤᠨ ︽ᠥᠪᠥᠷ ᠮᠣᠩᠭᠤᠯ ᠤᠨ ᠰᠠᠶᠢᠨ ᠬᠥᠮᠥᠨ ᠤ ᠨᠡᠷᠡᠰ︾ ᠵᠢᠴᠢ ︽ᠬᠢᠩᠭᠠᠨ ᠠᠶᠢᠮᠠᠭ ᠤᠨ ᠲᠠᠪᠤᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ︾  ᠶᠢ ᠨᠡᠶᠢᠲᠡᠯᠡᠬᠦ ᠬᠤᠷᠠᠯ ᠪᠣᠯᠣᠨ ᠪᠦᠭᠦ ᠣᠷᠣᠨ ᠤ ᠶᠣᠰᠣ ᠮᠣᠷᠠᠯ ᠤᠨ ᠵᠢᠱᠢᠶᠡᠴᠢ ᠶᠢ ᠤᠬᠠᠭᠤᠯᠤᠨ ᠲᠠᠶᠢᠯᠪᠤᠷᠢᠯᠠᠬᠤ ᠡᠭᠢᠯᠡᠯᠲᠡ ᠶᠢᠨ ᠶᠣᠰᠣᠯᠠᠯ ᠬᠢᠩᠭᠠᠨ ᠠᠶᠢᠮᠠᠭ ᠲᠤ ᠶᠠᠪᠤᠭᠳᠠᠯ᠎ᠠ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ 2023 ᠣᠨ ᠤ ᠭᠤᠷᠪᠠᠳᠤᠭᠠᠷ ᠤᠯᠠᠷᠢᠯ ᠤᠨ ︽ᠥᠪᠥᠷ ᠮᠣᠩᠭᠤᠯ ᠤᠨ ᠰᠠᠶᠢᠨ ᠬᠥᠮᠥᠨ ᠤ ᠨᠡᠷᠡᠰ︾ ᠪᠠ ᠬᠢᠩᠭᠠᠨ ᠠᠶᠢᠮᠠᠭ ᠤᠨ ᠲᠠᠪᠤᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠶᠢᠨ ᠨᠡᠷᠡᠰ ᠢ ᠨᠡᠶᠢᠲᠡᠯᠡᠪᠡ᠃ ᠰᠦᠨ ᠵᠤᠤ ᠶᠦᠩ ᠵᠡᠷᠭᠡ 15 ᠬᠥᠮᠥᠨ ᠲᠤᠰ ᠲᠤᠰ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠤᠯᠭᠠᠬᠰᠠᠨ᠂ ᠦᠨᠡᠨᠴᠢ ᠢᠲᠡᠭᠡᠮᠵᠢᠲᠡᠢ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠦᠭᠰᠡᠨ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ᠂ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠭᠰᠠᠨ ᠵᠡᠷᠭᠡ ᠦᠢᠯᠡ ᠠᠵᠢᠯᠯᠠᠭ᠎ᠠ ᠪᠠᠷ 2023 ᠣᠨ ᠤ ᠭᠤᠷᠪᠠᠳᠤᠭᠠᠷ ᠤᠯᠠᠷᠢᠯ ᠤᠨ ︽ᠥᠪᠥᠷ ᠮᠣᠩᠭᠤᠯ ᠤᠨ ᠰᠠᠶᠢᠨ ᠬᠥᠮᠥᠨ︾  ᠢᠶᠠᠷ ᠰᠣᠩᠭᠤᠭᠳᠠᠵᠠᠢ︔ ᠯᠢ ᠶᠢᠨ ᠫᠢᠩ ᠵᠡᠷᠭᠡ 10 ᠬᠥᠮᠥᠨ ᠬᠢᠩᠭᠠᠨ ᠠᠶᠢᠮᠠᠭ ᠤᠨ ᠲᠠᠪᠤᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠭᠦᠷᠳᠡᠪᠡ᠃       ᠪᠦᠭᠦ ᠣᠷᠣᠨ ᠤ ᠶᠣᠰᠣ ᠰᠤᠷᠲᠠᠬᠤᠨ ᠤ ᠵᠢᠱᠢᠶᠡᠴᠢ ᠶᠢᠨ ᠤᠬᠠᠭᠤᠯᠤᠨ ᠲᠠᠶᠢᠯᠪᠤᠷᠢᠯᠠᠬᠤ ᠠᠵᠢᠯ ᠴᠤ ᠵᠡᠷᠭᠡᠪᠡᠷ ᠡᠬᠢᠯᠡᠵᠦ᠂ ︽ᠨᠠᠢᠮᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠶᠣᠰᠣ ᠰᠤᠷᠲᠠᠬᠤᠨ ᠤ ᠵᠢᠱᠢᠶᠡᠴᠢ︾᠂ ᠤᠯᠠᠭᠠᠨᠬᠤᠲᠠ ᠶᠢᠨ ᠱᠧᠩ ᠯᠢ ᠵᠡᠭᠡᠯᠢ ᠶᠢᠨ ᠬᠡᠷᠡᠭ ᠡᠷᠭᠢᠯᠡᠭᠦ ᠭᠠᠵᠠᠷ ᠤᠨ ᠪᠣᠭᠤᠮᠲᠠ ᠶᠢᠨ ᠠᠵᠢᠯ ᠤᠨ ᠵᠥᠪᠯᠡᠯ ᠤᠨ ᠳᠡᠳ᠋ ᠡᠷᠭᠢᠯᠡᠭᠴᠢ ᠯᠢ ᠶᠢᠨ ᠫᠢᠩ ᠲᠤᠬᠠᠢ ᠶᠢᠨ ᠲᠠᠯᠠᠪᠠᠢ ᠳᠤ ᠤᠬᠠᠭᠤᠯᠤᠨ ᠲᠠᠶᠢᠯᠪᠤᠷᠢᠯᠠᠭᠰᠠᠨ ᠪᠠᠶᠢᠨ᠎ᠠ᠃ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠺᠠᠳ᠋ᠷ ᠪᠠᠢ ᠷᠦ᠋ ᠨᠠᠢᠮᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠭᠰᠠᠨ ᠶᠣᠰᠣ ᠰᠤᠷᠲᠠᠬᠤᠨ ᠤ ᠵᠢᠱᠢᠶᠡᠴᠢ ᠯᠢᠦ ᠬᠠᠢ ᠶᠠᠩ ᠤᠨ ᠦᠢᠯᠡ ᠠᠵᠢᠯᠯᠠᠭ᠎ᠠ ᠶᠢ ᠬᠤᠪᠢᠶᠠᠯᠴᠠᠪᠠ᠃       ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠬᠢᠩᠭᠠᠨ ᠠᠶᠢᠮᠠᠭ ᠤᠨ ᠣᠶᠤᠨ ᠤ ᠪᠣᠯᠪᠠᠰᠤᠨ ᠤ ᠠᠯᠪᠠᠨ ᠭᠡᠷ ᠠᠴᠠ ᠳᠠᠭᠠᠭᠠᠴᠢᠯᠠᠨ ᠡᠷᠭᠢᠯᠡᠪᠡ᠃ ᠲᠣᠰ ᠠᠵᠢᠯᠯᠠᠭ᠎ᠠ ᠳᠤ ᠱᠠᠩᠨᠠᠯ ᠣᠯᠭᠤᠬᠤ ᠶᠣᠰᠣᠯᠠᠯ᠂ ᠰᠠᠶᠢᠨ ᠬᠥᠮᠥᠨ ᠤ ᠦᠶᠯᠡ ᠠᠵᠢᠯᠯᠠᠭ᠎ᠠ ᠶᠢ ᠳᠠᠭᠢᠨ ᠢᠯᠡᠷᠡᠭᠦᠯᠬᠦ᠂ ᠲᠤᠬᠠᠢ ᠶᠢᠨ ᠲᠠᠯᠠᠪᠤᠷ ᠲᠤ ᠰᠤᠷᠪᠤᠯᠵᠢᠯᠠᠨ ᠶᠠᠷᠢᠯᠴᠠᠬᠤ᠂ ᠤᠷᠠᠨ ᠰᠠᠶᠢᠬᠠᠨ ᠤ ᠫᠷᠣᠭ᠍ᠷᠠᠮ ᠢ ᠨᠡᠪᠲᠡᠷᠡᠭᠦᠯᠬᠦ ᠭᠡᠯᠪᠡᠷᠢ ᠶᠢ ᠠᠪᠴᠤ᠂ ᠦᠨᠡᠨᠴᠢ ᠴᠠᠶᠢᠯᠭᠠᠨ ᠰᠠᠶᠢᠨ ᠰᠠᠶᠢᠬᠠᠨ ᠮᠣᠷᠠᠯ ᠰᠤᠷᠲᠠᠯ ᠢ ᠪᠠᠳᠠᠷᠠᠭᠤᠯᠬᠤ ᠠᠭᠤᠷ ᠠᠮᠢᠰᠬᠤᠯ ᠢ ᠪᠤᠶ ᠪᠣᠯᠭᠠᠵᠠᠢ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ