ᠮᠠᠨ ᠤ ᠣᠷᠣᠨ ᠮᠡᠳᠡᠯᠭᠡ ᠶᠢᠨ ᠥᠮᠴᠢᠯᠡᠯ ᠤᠨ ᠡᠷᠬᠡ ᠶᠢ ︽ᠬᠥᠷᠥᠩᠭᠡ︾ ᠪᠣᠯᠭᠠᠨ ᠬᠤᠪᠢᠷᠠᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/10/24
      ᠮᠡᠳᠡᠯᠭᠡ ᠶᠢᠨ ᠥᠮᠴᠢᠯᠡᠯ ᠤᠨ ᠡᠷᠬᠡ ᠨᠢ ᠰᠢᠨ᠎ᠡ ᠶᠢ ᠡᠭᠦᠳᠬᠦ ᠪᠠ ᠵᠠᠬ᠎ᠠ ᠳᠡᠯᠭᠡᠭᠦᠷ ᠲᠠᠢ ᠬᠤᠯᠪᠣᠯᠳᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠣᠯᠣᠨ ᠪᠣᠳᠠᠲᠤ ᠦᠢᠯᠡᠳᠪᠦᠷᠢᠯᠡᠯ ᠤᠨ ᠬᠦᠴᠦᠨ ᠤ ᠬᠤᠭᠤᠷᠣᠨᠳᠣᠬᠢ ᠴᠢᠬᠤᠯᠠ ᠬᠤᠯᠪᠣᠭᠠᠰᠤ ᠪᠣᠯᠳᠠᠭ᠃ ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠬᠠᠮᠠᠭᠠᠯᠠᠬᠤ᠂ ᠰᠢᠨ᠎ᠡ ᠶᠢ ᠡᠭᠦᠳᠬᠦ᠂ ᠬᠢᠨᠠᠨ ᠬᠠᠮᠢᠶᠠᠷᠬᠤ᠂ ᠦᠢᠯᠡᠴᠢᠯᠡᠬᠦ 4 ᠲᠠᠯ᠎ᠠ ᠠᠴᠠ ᠭᠠᠷᠳᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠴᠥᠭᠡᠨ ᠪᠤᠰᠤ ᠠᠵᠤ ᠠᠬᠤᠶᠢᠯᠠᠯ ᠤᠨ ︽ᠲᠤᠰᠬᠠᠢ ᠠᠰᠢᠭ︾ ᠢ ︽ᠴᠡᠪᠡᠷ ᠠᠰᠢᠭ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ︽ᠬᠥᠷᠥᠩᠭᠡ︾ ᠪᠣᠯᠭᠠᠨ ᠬᠤᠪᠢᠷᠠᠭᠤᠯᠵᠤ ᠪᠠᠶᠢᠨ᠎ᠠ᠃ 2022 ᠣᠨ ᠠᠴᠠ ᠨᠠᠭᠠᠰᠢ᠂ ᠪᠥᠬᠦ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠶᠢᠨ ᠪᠡᠯᠡ ᠲᠣᠬᠢᠷᠠᠭᠤᠯᠭ᠎ᠠ ᠶᠢᠨ ᠵᠣᠭᠤᠰ ᠤᠨ ᠲᠤᠭ᠎ᠠ 55.5 ᠳ᠋ᠦᠩᠰᠢᠭᠤᠷ ᠲᠥᠭᠦᠷᠢᠭ ᠲᠤ ᠬᠦᠷᠴᠦ᠂ ᠳᠠᠨᠵᠢᠯᠠᠭ᠎ᠠ ᠶᠢᠨ ᠲᠥᠷᠥᠯ ᠵᠦᠢᠯ 273 ᠪᠣᠯᠪᠠ᠃       ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠲᠠᠯ᠎ᠠ ᠪᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠡᠷᠬᠡ ᠶᠢ ᠠᠬᠢᠭᠤᠯᠬᠤ ᠪᠠ ᠬᠠᠮᠠᠭᠠᠯᠠᠬᠤ ᠳᠦᠷᠢᠮ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠬᠢᠨᠠᠨ ᠵᠥᠪᠯᠡᠭᠦᠯᠵᠦ᠂ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠣᠢ︔ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠵᠤ ᠰᠢᠨ᠎ᠡ ᠶᠢ ᠡᠭᠦᠳᠬᠦ ᠶᠢ ᠠᠬᠢᠭᠤᠯᠬᠤ ᠲᠠᠯ᠎ᠠ ᠪᠠᠷ᠂ ᠨᠢᠭᠡ ᠪᠦᠯᠦᠭ ᠨᠡᠯᠢᠶᠡᠳ ᠴᠢᠩᠭ᠎ᠠ ᠨᠥᠯᠥᠭᠡᠯᠡᠬᠦ ᠬᠦᠴᠦᠨ ᠲᠠᠢ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠵᠤ᠂ ︽ᠬᠢᠩᠭᠠᠨ ᠠᠶᠢᠮᠠᠭ ᠤᠨ ᠲᠤᠲᠤᠷᠭ᠎ᠠ︾ ᠵᠡᠷᠭᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠢᠨᠵᠧᠨᠧᠷᠢᠩ ᠤᠨ ᠲᠥᠷᠥᠯ ᠵᠦᠢᠯ ᠢ 22 ᠬᠡᠷᠡᠭᠵᠢᠭᠦᠯᠵᠦ᠂ ᠭᠠᠵᠠᠷ ᠵᠦᠢ ᠶᠢᠨ ᠲᠤᠰᠬᠠᠢ ᠬᠡᠷᠡᠭᠯᠡᠭᠡᠨ ᠤ ᠲᠡᠮᠳᠡᠭ ᠢ ᠬᠡᠷᠡᠭᠯᠡᠵᠦ ᠡᠵᠡᠩᠨᠡᠬᠦ ᠭᠤᠣᠯ ᠴᠣᠭᠴᠠ ᠶᠢ 350 ᠪᠣᠯᠭᠠᠵᠤ᠂ ᠭᠠᠵᠠᠷ ᠵᠦᠢ ᠶᠢᠨ ᠲᠡᠮᠳᠡᠭᠲᠦ ᠦᠢᠯᠡᠳᠬᠦᠨ ᠤ ᠵᠢᠯ ᠤᠨ ᠰᠢᠭᠤᠳ ᠦᠢᠯᠡᠳᠬᠦᠨ ᠤ ᠥᠷᠲᠡᠭ ᠢ 280 ᠳ᠋ᠦᠩᠰᠢᠭᠤᠷ ᠲᠥᠭᠦᠷᠢᠭ ᠲᠤ ᠬᠦᠷᠭᠡᠪᠡ︔ ᠪᠥᠬᠦ ᠬᠡᠯᠬᠢᠶ᠎ᠡ ᠶᠢᠨ ᠬᠠᠤᠯᠢ ᠬᠡᠷᠡᠭᠵᠢᠭᠦᠯᠬᠦ ᠬᠠᠮᠠᠭᠠᠯᠠᠯᠲᠠ ᠶᠢ ᠴᠢᠩᠭᠠᠳᠬᠠᠬᠤ ᠲᠠᠯ᠎ᠠ ᠪᠠᠷ᠂ ᠭᠠᠳᠠᠭᠠᠳᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠠᠷᠭᠠᠴᠠᠭᠠᠨ ᠵᠢᠯᠤᠭᠤᠳᠬᠤ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ ᠢ ᠪᠠᠶᠢᠭᠤᠯᠪᠠ᠃ ᠣᠳᠣᠬᠠᠨ ᠳᠤ᠂ ᠣᠷᠣᠨ ᠤ ᠳᠣᠲᠣᠷᠠᠬᠢ ᠠᠶᠢᠮᠠᠭ ᠬᠤᠲᠠ ᠶᠢ ᠪᠦᠬᠦᠨ ᠢ ᠬᠠᠮᠤᠷᠤᠭᠰᠠᠨ᠂ ᠡᠷᠬᠢᠨ ᠲᠣᠭᠤᠷᠢᠨ ᠤ ᠮᠤᠵᠢ ᠣᠷᠣᠨ ᠢ ᠪᠦᠬᠦᠨ ᠢ ᠬᠤᠯᠪᠣᠭᠰᠠᠨ᠂ ᠭᠤᠣᠯᠳᠠᠯᠭ᠎ᠠ ᠲᠠᠢ ᠮᠤᠵᠢ ᠬᠤᠲᠠ ᠶᠢᠨ ᠬᠠᠮᠵᠢᠯᠴᠠᠭ᠎ᠠ ᠲᠠᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠬᠠᠮᠵᠢᠯᠴᠠᠬᠤ ᠲᠣᠭᠲᠠᠴᠠ ᠶᠢ ᠠᠩᠬ᠎ᠠ ᠠᠯᠬᠤᠮ ᠪᠠᠶᠢᠭᠤᠯᠪᠠ︔ ᠶᠡᠷᠦᠩᠬᠡᠶᠢᠯᠡᠨ ᠬᠠᠮᠠᠭᠠᠯᠠᠬᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠮᠣ ᠳ᠋ᠠᠶᠢᠲ᠋ᠠ ᠶᠢᠨ ᠲᠥᠪ ᠲᠤ ᠲᠦᠰᠢᠭᠯᠡᠨ᠂ ᠥᠪᠥᠷ ᠮᠣᠩᠭᠤᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ︵ᠬᠠᠮᠠᠭᠠᠯᠠᠯᠲᠠ︶ ᠤ ᠲᠠᠪᠴᠠᠩ ᠢ ᠨᠡᠭᠡᠭᠡᠨ ᠠᠵᠢᠯᠯᠠᠭᠤᠯᠵᠤ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ ᠢ ᠠᠰᠢᠭᠯᠠᠯᠲᠠ ᠳᠤ ᠣᠷᠣᠭᠤᠯᠤᠭᠰᠠᠨ ᠠᠴᠠ ᠨᠠᠭᠠᠰᠢ᠂ ᠲᠤᠰᠬᠠᠢ ᠠᠰᠢᠭ ᠤᠨ ᠡᠷᠬᠡ ᠶᠢᠨ ᠬᠢᠨᠠᠨ ᠪᠠᠶᠢᠴᠠᠭᠠᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠡᠭᠦᠳᠦᠯᠲᠡ᠂ ᠬᠡᠷᠡᠭᠯᠡᠭᠡᠨ ᠤ ᠰᠢᠨ᠎ᠡ ᠬᠡᠯᠪᠡᠷᠢ᠂ ᠭᠠᠳᠠᠷ ᠳᠦᠷᠰᠦ ᠶᠢᠨ ᠵᠢᠷᠤᠭ ᠲᠥᠯᠥᠪᠯᠡᠭᠡ ᠶᠢᠨ ᠲᠤᠰᠬᠠᠢ ᠠᠰᠢᠭ ᠤᠨ ᠬᠢᠨᠠᠨ ᠪᠠᠶᠢᠴᠠᠭᠠᠯᠲᠠ ᠶᠢᠨ ᠳᠤᠮᠳᠠᠴᠢ ᠦᠶᠡᠯᠡᠯ ᠤᠨ ᠬᠤᠭᠤᠴᠠᠭ᠎ᠠ ᠶᠢ ᠡᠩ ᠤᠨ ᠠᠷᠭ᠎ᠠ ᠵᠠᠮ ᠠᠴᠠ ᠲᠣᠰ ᠲᠣᠰ 89%᠂ 88%᠂ 96% ᠪᠠᠷ ᠪᠠᠭᠠᠰᠬᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ