| | ᠬᠤᠳᠠ ᠶᠢᠨ ᠨᠠᠮ ᠤᠨ ᠬᠤᠷᠢᠶ᠎ᠠ ᠠᠴᠠ ᠳᠣᠣᠷᠠᠬᠢ ᠺᠠᠳ᠋ᠷ ᠤᠳ ᠢ ᠢᠯᠡ ᠨᠡᠶᠢᠲᠡᠯᠡᠬᠦ ᠪᠠᠷ ᠰᠣᠳᠤᠯᠤᠨ ᠲᠣᠭᠲᠠᠪᠠ᠃ | ᠨᠢᠭᠡ᠂ ᠢᠯᠡ ᠨᠡᠶᠢᠲᠡᠯᠡᠬᠦ ᠨᠡᠷᠡᠰ | ᠯᠢᠦ ᠸᠧᠢ ᠯᠢ᠂ ᠡᠷᠡᠭᠲᠡᠢ᠂ ᠬᠢᠲᠠᠳ ᠦᠨᠳᠦᠰᠦᠲᠡᠨ᠂ 1986 ᠣᠨ ᠤ 1 ᠰᠠᠷ᠎ᠠ ᠳᠤ ᠲᠦᠷᠦᠵᠠᠢ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ | ᠯᠢᠨᠰᠢ ᠰᠢᠶᠠᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠂ ᠬᠤᠳᠠ ᠶᠢᠨ ᠤᠯᠠᠨ ᠲᠦᠮᠡᠨ ᠤ ᠪᠦᠯᠬᠦᠮ ᠤᠨ | ᠪᠠᠶᠢᠭᠤᠯᠤᠯᠭ᠎ᠠ ᠶᠢᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠤᠢ᠃ | ᠰᠦᠨ ᠭᠤᠸᠠᠩ ᠲᠦᠩ᠂ ᠡᠷᠡᠭᠲᠡᠢ᠂ ᠬᠢᠲᠠᠳ ᠦᠨᠳᠦᠰᠦᠲᠡᠨ᠂ 1980 ᠣᠨ ᠤ 1 ᠰᠠᠷ᠎ᠠ ᠳᠤ ᠲᠦᠷᠦᠵᠠᠢ᠂ | ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ᠂ ᠤᠳᠤ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ᠂ | ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠳᠠ ᠶᠢᠨ ᠰᠢᠭᠤᠳ ᠬᠠᠷᠢᠶ᠎ᠠ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠤᠢ᠃ | ᠳ᠋ᠤᠸᠠᠨ ᡁᠢ ᠭᠦᠸᠧ᠂ ᠡᠷᠡᠭᠲᠡᠢ᠂ ᠮᠣᠩᠭᠤᠯ ᠦᠨᠳᠦᠰᠦᠲᠡᠨ᠂ 1979 ᠣᠨ ᠤ 10 ᠰᠠᠷ᠎ᠠ ᠳᠤ ᠳᠦᠷᠦᠵᠡᠶ᠂ | ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ | ᠣᠲᠣ ᠪᠠᠭᠠᠷᠢᠨ ᠵᠡᠭᠦᠨ ᠬᠤᠰᠢᠭᠤᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠲᠤᠰᠢᠶᠠᠯ ᠳᠤ ᠲᠣᠮᠢᠯᠠᠬᠤ ᠪᠠᠷ ᠪᠣᠶ ᠃ | ᠯᠢᠦ ᠬᠠᠢ ᠮᠧᠶ᠂ ᠡᠮᠡᠭᠲᠡᠢ᠂ ᠬᠢᠲᠠᠳ ᠦᠨᠳᠦᠰᠦᠲᠡᠨ᠂ 1978 ᠣᠨ ᠤ 3 ᠰᠠᠷ᠎ᠠ ᠳᠤ ᠳᠦᠷᠦᠵᠡᠶ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ | ᠤᠯᠠᠭᠠᠨᠬᠠᠳᠠ ᠶᠢᠨ ᠷᠠᠳᠢᠣ᠋ ᠲᠧᠯᠸᠢᠰ ᠬᠤᠷᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠶᠡᠷᠦᠩᠬᠡᠢ | ᠨᠠᠶᠢᠷᠠᠭᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ | ᠲᠤᠰᠢᠶᠠᠯ ᠳᠤ ᠲᠣᠮᠢᠯᠠᠬᠤ ᠪᠠᠷ ᠪᠣᠶ᠃ | ᠯᠢᠦᠢ ᡁᠢ ᠸᠧᠢ᠂ ᠡᠷᠡᠭᠲᠡᠢ᠂ ᠬᠢᠲᠠᠳ ᠦᠨᠳᠦᠰᠦᠲᠡᠨ᠂ 1982 ᠣᠨ ᠤ 9 ᠰᠠᠷ᠎ᠠ ᠳᠤ ᠳᠦᠷᠦᠵᠡᠶ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ | ᠯᠢᠨᠰᠢ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠰᠢᠭᠤ ᠰᠢᠶᠠᠨ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ ᠃ | ᠯᠢ ᡁᠢ ᠴᠢᠶᠠᠩ᠂ ᠡᠷᠡᠭᠲᠡᠢ᠂ ᠮᠠᠨᠵᠤ ᠦᠨᠳᠦᠰᠦᠲᠡᠨ᠂ 1972 ᠣᠨ ᠤ 7 ᠰᠠᠷ᠎ᠠ ᠳᠤ ᠳᠦᠷᠦᠵᠡᠶ᠂ ᠥᠪᠥᠷ | ᠮᠣᠩᠭᠤᠯ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠰᠢᠶᠠᠯ ᠤᠨ | ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃ | | | ᠬᠤᠶᠠᠷ᠂ ᠢᠯᠡ ᠨᠡᠶᠢᠲᠡᠯᠡᠬᠦ ᠴᠠᠭ | 2023 ᠣᠨ ᠤ 10 ᠰᠠᠷ᠎ᠠ ᠶᠢᠨ 24 ᠤ ᠡᠳᠦᠷ ᠠᠴᠠ 2023 ᠣᠨ ᠤ 10 ᠰᠠᠷ᠎ᠠ ᠶᠢᠨ 30 ᠤ ᠡᠳᠦᠷ | ᠪᠣᠯᠲᠠᠯ᠎ᠠ ᠪᠣᠯᠤᠨ᠎ᠠ᠃ | ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠡ ᠪᠣᠯᠣᠨ ᠬᠤᠪᠢ ᠬᠥᠮᠥᠨ ᠴᠦᠮ ᠰᠣᠷᠪᠤᠯᠵᠢᠯᠠᠭ᠎ᠠ ᠬᠢᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ | ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ | ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ | ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ | ᠬᠥᠮᠥᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ | ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ | ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃ | ᠢᠯᠡ ᠨᠡᠶᠢᠲᠡᠯᠡᠬᠦ ᠠᠯᠪᠠᠨ ᠭᠡᠷ ᠢ ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A | ᠰᠠᠭᠤᠳᠠᠯ ᠤᠨ 715 ᠲᠠᠰᠤᠭ ᠲᠤ ᠲᠣᠬᠢᠷᠠᠭᠤᠯᠪᠠ᠃ | ᠭᠥᠯᠢᠶᠡᠨ ᠠᠪᠬᠤ ᠴᠠᠭ᠄ ᠠᠵᠢᠯ ᠤᠨ ᠡᠳᠦᠷ ᠤᠨ ᠦᠳᠡ ᠶᠢᠨ ᠡᠮᠦᠨᠡᠬᠢ 8᠄ 30 ︱ 12᠄ 00 | ᠦᠳᠡ ᠶᠢᠨ ᠬᠤᠶᠢᠨᠠᠬᠢ 2᠄ 30 ︱ 5᠄ 30 | ᠭᠥᠯᠢᠶᠡᠨ ᠠᠪᠬᠤ ᠤᠲᠠᠰᠤ᠄ ︵0476︶ 12380 | ᠣᠨᠴᠠᠭᠠᠶᠢᠯᠠᠨ ᠵᠠᠷᠯᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ | 2023 ᠣᠨ ᠤ 10 ᠰᠠᠷ᠎ᠠ ᠶᠢᠨ 23 ᠤ ᠡᠳᠦᠷ |