| ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ | ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠳᠤᠯᠠᠭᠠᠷᠠᠬᠤ ᠶᠢ ᠳᠠᠭᠠᠯᠳᠤᠨ᠂ ᠲᠣᠶᠢᠯᠰᠢᠷᠠᠯ ᠤᠨ ᠴᠠᠭ ᠠᠭᠤᠷ ᠣᠯᠠᠨᠲᠠ ᠡᠭᠦᠰᠴᠦ᠂ ᠪᠠᠶᠢᠭᠠᠯᠢ ᠶᠢᠨ | ᠭᠠᠮᠰᠢᠭ ᠤᠨ ᠠᠶᠤᠯ ᠲᠦᠭᠰᠢᠭᠦᠷᠢ ᠤᠯᠠᠮ ᠨᠢᠭᠡ ᠠᠯᠬᠤᠮ ᠬᠦᠨᠳᠦᠷᠴᠦ᠂ ᠦᠢᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠶ ᠬᠠᠷᠰᠢᠯᠡᠨ᠂ ᠨᠡᠶᠢᠭᠡᠮ ᠤᠨ ᠳᠢᠭᠯᠢᠮ ᠢ | ᠡᠪᠳᠡᠵᠦ᠂ ᠲᠡᠭᠡᠬᠦ ᠮᠥᠷᠲᠡᠭᠡᠨ ᠶᠡᠭᠡ ᠬᠡᠮᠵᠢᠶᠡᠨ ᠤ ᠬᠥᠮᠦᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠬᠤᠬᠢᠷᠠᠵᠤ᠂ ᠴᠠᠭ ᠠᠭᠤᠷ ᠠᠴᠠ ᠡᠭᠦᠰᠬᠦ | ᠭᠠᠮᠰᠢᠭ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠭᠦᠢᠴᠡᠳ ᠳᠡᠭᠡᠭᠰᠢᠯᠡᠭᠦᠯᠵᠦ᠂ ︽ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠬᠤᠯᠠᠴᠢᠯᠠᠬᠤ ᠠᠴᠠ | ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠲᠡᠰᠢ ᠬᠤᠪᠢᠷᠠᠭᠤᠯᠬᠤ᠂ ᠳᠠᠩ ᠭᠠᠭᠴᠠ ᠭᠠᠮᠰᠢᠭ ᠢ ᠠᠷᠭᠠᠴᠠᠭᠠᠬᠤ ᠠᠴᠠ ᠭᠠᠮᠰᠢᠭ ᠢ | ᠶᠡᠷᠦᠩᠬᠡᠶᠢᠯᠡᠨ ᠪᠠᠭᠠᠰᠬᠠᠬᠤ ᠲᠡᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠵᠤ ᠪᠠᠶᠢᠭᠰᠠᠨ ᠠᠴᠠ ᠭᠠᠮᠰᠢᠭ ᠤᠨ ᠲᠦᠭᠰᠢᠭᠦᠷᠢ ᠶᠢ ᠪᠠᠭᠠᠰᠬᠠᠬᠤ ᠪᠣᠯᠭᠠᠨ | ᠬᠤᠪᠢᠷᠠᠭᠤᠯᠬᠤ︾ ᠶᠢ ᠴᠢᠷᠮᠠᠶᠢᠨ ᠪᠡᠶᠡᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠠᠴᠠ ᠡᠭᠦᠰᠬᠦ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2021 ᠣᠨ ᠤ ᠬᠡᠪᠯᠡᠯ︶︾ ᠢ ᠰᠠᠶᠢᠲᠤᠷ ᠨᠠᠶᠢᠳᠠᠪᠤᠷᠢᠵᠢᠭᠤᠯᠤᠨ᠂ ᠮᠠᠨ ᠤ ᠬᠤᠲᠠ ᠶᠢᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠢᠯᠡᠭᠰᠡᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠴᠠᠭ ᠠᠭᠤᠷ ᠤᠨ | ᠲᠣᠪᠴᠢᠶ᠎ᠠ ︽ᠤᠯᠠᠭᠠᠨᠬᠠᠳᠠ ᠬᠤᠲᠠ ᠶᠢᠨ ᠴᠠᠭ ᠠᠭᠤᠷ ᠠᠴᠠ ᠡᠭᠦᠰᠬᠦ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2023 ᠣᠨ ᠤ | ᠬᠡᠪᠯᠡᠯ︶ ᠢ ᠳᠠᠷᠤᠮᠠᠯᠯᠠᠨ ᠲᠠᠷᠬᠠᠭᠠᠬᠤ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠳᠣᠷᠣᠭᠰᠢ ︽ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠭᠡᠵᠦ ᠲᠣᠪᠴᠢᠯᠠᠨ᠎ᠠ︶ ᠢ ᠰᠤᠳᠤᠯᠤᠨ ᠲᠤᠭᠤᠷᠪᠢᠪᠠ᠃ | | ᠬᠤᠶᠠᠷ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | ᠲᠤᠰ ︽ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠢ ᠲᠣᠭᠲᠠᠭᠠᠭᠰᠠᠨ ᠦᠨᠳᠦᠰᠦᠯᠡᠯ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠡᠨᠡᠳᠲᠡ ᠡᠭᠦᠰᠬᠦ ᠬᠡᠷᠡᠭ ᠢ ᠠᠷᠭᠠᠴᠠᠭᠠᠬᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾ ︽ | ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︽ᠴᠠᠭ ᠠᠭᠤᠷ ᠠᠴᠠ ᠡᠭᠦᠰᠬᠦ | ᠭᠠᠮᠰᠢᠭ ᠢ ᠰᠡᠷᠭᠡᠶᠢᠯᠡᠬᠦ ᠳᠦᠷᠢᠮ︾ ︽ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠳᠦᠷᠢᠮ︾ ︽ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ | ᠬᠠᠮᠢᠶᠠᠷᠤᠯᠲᠠ ᠶᠢᠨ ᠳᠦᠷᠢᠮ︾ ︽ᠴᠠᠭ ᠠᠭᠤᠷ ᠠᠴᠠ ᠡᠭᠦᠰᠬᠦ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠵᠢᠴᠢ ᠮᠡᠳᠡᠭᠡ ᠵᠠᠩᠭᠢ ᠨᠡᠶᠢᠲᠡᠯᠡᠬᠦ ᠠᠵᠢᠯ ᠢ | ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︽ᠤᠯᠤᠰ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ︾ ︽ᠤᠯᠤᠰ ᠤᠨ ᠴᠠᠭ ᠠᠭᠤᠷ ᠠᠴᠠ ᠡᠭᠦᠰᠬᠦ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠳᠦᠷᠢᠮ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠠᠴᠠ ᠡᠭᠦᠰᠬᠦ ᠭᠠᠮᠰᠢᠭ ᠢ ᠰᠡᠷᠭᠡᠶᠢᠯᠡᠬᠦ ᠲᠥᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠠᠭ ᠠᠭᠤᠷ ᠠᠴᠠ ᠡᠭᠦᠰᠬᠦ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠢᠭᠡᠳ ᠲᠠᠷᠬᠠᠭᠠᠬᠤ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ︽ᠤᠯᠠᠭᠠᠨᠬᠠᠳᠠ | ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ︽ᠤᠯᠠᠭᠠᠨᠬᠠᠳᠠ ᠬᠤᠲᠠ ᠶᠢᠨ | ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠦᠷᠢᠮ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠠᠴᠠ ᠡᠭᠦᠰᠬᠦ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ︵2021 ᠣᠨ ᠤ ᠬᠡᠪᠯᠡᠯ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 96 ᠳ᠋ᠤᠭᠠᠷ ᠲᠣᠭᠠᠲᠤ︶ ᠪᠣᠯᠤᠨ᠎ᠠ᠃ | | ᠭᠤᠷᠪᠠ᠂ ᠨᠠᠶᠢᠷᠠᠭᠤᠯᠤᠨ ᠵᠣᠬᠢᠶᠠᠭᠰᠠᠨ ᠵᠠᠷᠴᠢᠮ | ᠬᠥᠮᠦᠨ ᠢᠶᠠᠷ ᠦᠨᠳᠦᠰᠦ ᠪᠣᠯᠭᠠᠵᠤ᠂ ᠬᠤᠣᠷ ᠬᠥᠨᠥᠭᠡᠯ ᠢ ᠪᠠᠭᠠᠰᠬᠠᠨ᠎ᠠ᠃ | ᠰᠡᠷᠭᠡᠶᠢᠯᠡᠬᠦ ᠪᠠᠷ ᠭᠤᠣᠯ ᠪᠣᠯᠭᠠᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠪᠠᠶᠢᠯᠭᠠᠨ᠎ᠠ᠃ | ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠡᠮᠬᠢ ᠵᠢᠷᠤᠮ ᠲᠠᠢ ᠵᠣᠬᠢᠴᠠᠭᠤᠯᠤᠨ᠎ᠠ᠃ | ᠱᠠᠲᠤ ᠬᠤᠪᠢᠶᠠᠨ ᠬᠠᠮᠢᠶᠠᠷᠴᠤ᠂ ᠬᠠᠷᠢᠶ᠎ᠠ ᠭᠠᠵᠠᠷ ᠢᠶᠠᠷ ᠭᠤᠤᠯ ᠪᠣᠯᠭᠠᠨ᠎ᠠ᠃ | | ᠳᠥᠷᠪᠡ᠂ ᠬᠡᠷᠡᠭᠯᠡᠬᠦ ᠬᠡᠪᠴᠢᠶ᠎ᠡ | ︽ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠢ ᠤᠯᠠᠭᠠᠨᠬᠠᠳᠠ ᠬᠤᠲᠠ ᠶᠢᠨ ᠵᠠᠰᠠᠭ ᠵᠠᠬᠢᠷᠭᠠᠨ ᠤ ᠣᠷᠣᠨ ᠳᠣᠲᠣᠷᠠᠬᠢ ᠲᠠᠷᠢᠶᠠᠯᠠᠩ ᠮᠠᠯ | ᠠᠵᠤ ᠠᠬᠤᠶ ᠶᠢᠨ ᠭᠠᠩ ᠬᠠᠭᠰᠠᠷᠭᠠᠨ᠂ ᠶᠡᠭᠡ ᠰᠠᠯᠬᠢ᠂ ᠡᠯᠡᠰᠦᠨ ᠰᠢᠭᠤᠷᠭ᠎ᠠ᠂ ᠬᠦᠢᠲᠡᠨ ᠤᠷᠤᠰᠬᠠᠯ᠂ ᠰᠢᠷᠦᠭᠦᠨ ᠪᠣᠷᠣᠭᠠᠨ᠂ ᠶᠡᠭᠡ ᠴᠠᠰᠤ᠂ ᠬᠢᠷᠠᠭᠤ ᠤᠨᠠᠬᠤ᠂ | ᠥᠨᠳᠥᠷ ᠳᠤᠯᠠᠭᠠᠨ᠂ ᠳᠣᠣᠷ᠎ᠠ ᠳᠤᠯᠠᠭᠠᠨ᠂ ᠶᠡᠭᠡ ᠮᠠᠨᠠᠨ ᠵᠡᠷᠭᠡ ᠴᠠᠭ ᠠᠭᠤᠷ ᠠᠴᠠ ᠡᠭᠦᠰᠬᠦ ᠭᠠᠮᠰᠢᠭ ᠤᠨ ᠬᠡᠷᠡᠭ ᠢ ᠰᠡᠷᠡᠮᠵᠢᠯᠡᠬᠦ ᠪᠠ ᠠᠷᠭᠠᠴᠠᠭᠠᠬᠤ ᠳᠤ ᠬᠡᠷᠡᠭᠯᠡᠨ᠎ᠡ | ᠃ ᠴᠠᠭ ᠠᠭᠤᠷ ᠠᠴᠠ ᠡᠭᠦᠰᠬᠦ ᠭᠠᠮᠰᠢᠭ ᠠᠴᠠ ᠪᠣᠯᠤᠭᠰᠠᠨ ᠦᠶᠡᠷ ᠭᠠᠩ ᠤᠨ ᠭᠠᠮᠰᠢᠭ᠂ ᠭᠠᠵᠠᠷ ᠤᠨ ᠭᠠᠮᠰᠢᠭ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ | ᠠᠶᠤᠯ᠂ ᠪᠣᠬᠢᠷᠲᠤᠭᠰᠠᠨ ᠴᠠᠭ ᠠᠭᠤᠷ ᠵᠡᠷᠭᠡ ᠪᠤᠰᠤᠳ ᠭᠠᠮᠰᠢᠭ ᠢ ᠰᠢᠢᠳᠪᠦᠷᠢᠯᠡᠬᠦ ᠳᠤ ᠪᠠᠴᠢᠮ ᠪᠠᠶᠢᠳᠠᠯ ᠢ ᠠᠷᠭᠠᠴᠠᠭᠠᠬᠤ ᠬᠤᠯᠪᠣᠭᠳᠠᠯ ᠪᠦᠬᠦᠢ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠤᠨ ᠲᠣᠭᠲᠠᠭᠠᠯ ᠢ ᠬᠡᠷᠡᠭᠯᠡᠨ᠎ᠡ᠃ | | ᠲᠠᠪᠤ᠂ ᠭᠤᠣᠯ ᠠᠭᠤᠯᠭ᠎ᠠ | ︽ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠢ ᠶᠡᠷᠦᠩᠬᠡᠶ ᠳᠦᠷᠢᠮ᠂ ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮ ᠵᠢᠴᠢ ᠲᠤᠰᠢᠶᠠᠯ | ᠬᠠᠷᠢᠭᠤᠴᠠᠯᠭ᠎ᠠ᠂ ᠰᠡᠷᠡᠮᠵᠢᠯᠡᠭᠦᠯᠬᠦ ᠲᠣᠭᠲᠠᠴᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠳᠠᠷᠠᠭᠠᠴᠢ ᠶᠢᠨ ᠰᠢᠢᠳᠪᠦᠷᠢᠯᠡᠯᠲᠡ᠂ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ᠂ ᠬᠢᠨᠠᠨ ᠬᠠᠮᠢᠶᠠᠷᠬᠤ᠂ ᠳᠠᠭᠠᠯᠳᠤᠭᠤᠯᠤᠯ ᠳᠦᠷᠢᠮ ᠵᠡᠷᠭᠡ ᠨᠠᠢᠮᠠᠨ ᠬᠡᠰᠡᠭ ᠬᠤᠪᠢᠶᠠᠨ᠎ᠠ᠃ | ᠶᠡᠷᠦᠩᠬᠡᠶ ᠳᠦᠷᠢᠮ ᠤᠨ ᠬᠡᠰᠡᠭ ᠲᠤ ᠨᠠᠶᠢᠷᠠᠭᠤᠯᠤᠨ ᠵᠣᠬᠢᠶᠠᠭᠰᠠᠨ ᠵᠣᠷᠢᠯᠭ᠎ᠠ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ ᠠᠵᠢᠯ ᠤᠨ ᠵᠠᠷᠴᠢᠮ ᠪᠣᠯᠤᠨ | ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠪᠠ᠃ | ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮ ᠵᠢᠴᠢ ᠲᠤᠰᠢᠶᠠᠯ ᠬᠠᠷᠢᠭᠤᠴᠠᠯᠭ᠎ᠠ ᠶᠢᠨ ᠬᠡᠰᠡᠭ ᠲᠤ ᠵᠢᠯᠣᠭᠤᠳᠬᠤ ᠪᠠᠶᠢᠭᠤᠯᠤᠮᠵᠢ᠂ ᠵᠢᠯᠣᠭᠤᠳᠬᠤ | ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠠᠯᠠᠪᠤᠷ ᠭᠠᠵᠠᠷ ᠪᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ | ᠲᠣᠳᠤᠷᠬᠠᠶᠢᠯᠠᠪᠠ᠃ | ᠰᠡᠷᠡᠮᠵᠢᠯᠡᠭᠦᠯᠬᠦ ᠲᠣᠭᠲᠠᠴᠠ ᠶᠢᠨ ᠬᠡᠰᠡᠭ ᠲᠤ ᠴᠠᠭ ᠠᠭᠤᠷ ᠠᠴᠠ ᠡᠭᠦᠰᠬᠦ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ᠂ ᠴᠠᠭ ᠠᠭᠤᠷ ᠠᠴᠠ ᠡᠭᠦᠰᠬᠦ | ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ᠂ ᠴᠠᠭ ᠠᠭᠤᠷ ᠠᠴᠠ ᠡᠭᠦᠰᠬᠦ ᠭᠠᠮᠰᠢᠭ ᠢ ᠰᠡᠷᠡᠮᠵᠢᠯᠡᠭᠦᠯᠬᠦ ᠶᠢ ᠨᠡᠶᠢᠲᠡᠯᠡᠬᠦ᠂ ᠰᠡᠷᠡᠮᠵᠢᠯᠡᠭᠦᠯᠬᠦ ᠪᠡᠯᠡᠳᠬᠡᠯ ᠪᠠᠭᠲᠠᠨ᠎ᠠ᠃ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠡᠰᠡᠭ ᠲᠤ ᠮᠡᠳᠡᠭᠡ ᠵᠠᠩᠭᠢ ᠮᠡᠳᠡᠭᠦᠯᠬᠦ ᠲᠣᠭᠲᠠᠴᠠ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭᠠᠨ ᠢ | ᠡᠬᠢᠯᠡᠭᠦᠯᠬᠦ ᠨᠥᠬᠦᠴᠡᠯ᠂ ᠡᠬᠢᠯᠡᠭᠦᠯᠬᠦ ᠶᠠᠪᠤᠴᠠ᠂ ᠱᠠᠲᠤ ᠬᠤᠪᠢᠶᠠᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭᠠᠨ᠂ ᠲᠤᠬᠠᠶ ᠶᠢᠨ ᠲᠠᠯᠠᠪᠠᠢ ᠳᠤ ᠰᠢᠢᠳᠪᠦᠷᠢᠯᠡᠬᠦ᠂ | ᠨᠡᠶᠢᠭᠡᠮ ᠤᠨ ᠬᠦᠴᠦᠨ ᠢ ᠳᠠᠶᠢᠴᠢᠯᠠᠬᠤ ᠪᠠ ᠣᠷᠣᠯᠴᠠᠭᠤᠯᠬᠤ᠂ ᠰᠡᠷᠡᠮᠵᠢᠯᠡᠭᠦᠯᠬᠦ ᠠᠵᠢᠯᠯᠠᠭᠠᠨ ᠢ ᠬᠦᠴᠦᠨ ᠥᠬᠡᠶ ᠪᠣᠯᠭᠠᠬᠤ᠂ ᠪᠠᠴᠢᠮ ᠪᠠᠶᠢᠳᠠᠯ ᠢ ᠠᠷᠭᠠᠴᠠᠭᠠᠬᠤ | ᠠᠵᠢᠯᠯᠠᠭᠠᠨ ᠤ ᠮᠡᠳᠡᠭᠡ ᠵᠠᠩᠭᠢ ᠶᠢ ᠨᠡᠶᠢᠲᠡᠯᠡᠬᠦ ᠶᠢ ᠲᠣᠳᠤᠷᠬᠠᠶᠢᠯᠠᠪᠠ᠃ | ᠳᠠᠷᠠᠭᠠᠴᠢ ᠶᠢᠨ ᠰᠢᠢᠳᠪᠦᠷᠢᠯᠡᠯᠲᠡ ᠶᠢᠨ ᠬᠡᠰᠡᠭ ᠲᠤ ᠲᠥᠯᠥᠪᠵᠢᠭᠦᠯᠭᠡ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠪᠠᠶᠢᠴᠠᠭᠠᠵᠤ ᠦᠨᠡᠯᠡᠨ | ᠵᠢᠱᠢᠬᠦ᠂ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠬᠤ᠂ ᠳᠠᠷᠠᠭᠠᠴᠢ ᠶᠢᠨ ᠠᠵᠢᠯ ᠢ ᠰᠢᠢᠳᠪᠦᠷᠢᠯᠡᠬᠦ᠂ ᠲᠠᠲᠠᠪᠤᠷᠢᠯᠠᠨ ᠬᠡᠷᠡᠭᠯᠡᠭᠰᠡᠨ ᠤ ᠨᠥᠬᠦᠪᠥᠷᠢ᠂ ᠭᠠᠮᠰᠢᠭ ᠤᠨ | ᠳᠠᠭᠠᠳᠬᠠᠯ ᠵᠡᠷᠭᠡ ᠪᠠᠭᠲᠠᠨ᠎ᠠ᠃ | ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠬᠡᠰᠡᠭ ᠲᠤ ᠬᠥᠮᠦᠨ ᠤ ᠬᠦᠴᠦᠨ᠂ ᠪᠡᠯᠡ ᠮᠥᠩᠭᠦ᠂ ᠡᠳ᠋ ᠪᠣᠳᠠᠰ᠂ ᠴᠢᠮᠡᠭᠡ ᠬᠤᠯᠪᠣᠭ᠎ᠠ᠂ ᠵᠠᠮ | ᠬᠠᠷᠢᠯᠴᠠᠭ᠎ᠠ᠂ ᠮᠡᠷᠭᠡᠵᠢᠯ ᠵᠡᠷᠭᠡ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠵᠠᠶᠢᠯᠠᠬᠤ ᠲᠠᠯᠠᠪᠤᠷ ᠢ | ᠲᠣᠳᠣᠷᠬᠠᠶᠢᠯᠠᠪᠠ᠃ | ᠬᠢᠨᠠᠨ ᠬᠠᠮᠢᠶᠠᠷᠬᠤ ᠬᠡᠰᠡᠭ ᠲᠤ ᠪᠡᠯᠡᠳᠬᠡᠯ ᠲᠥᠰᠦᠯ ᠤᠨ ᠰᠣᠷᠢᠯᠲᠠ᠂ ᠤᠬᠠᠭᠤᠯᠭ᠎ᠠ ᠪᠣᠯᠪᠠᠰᠤᠷᠠᠯ᠂ ᠬᠠᠷᠢᠭᠤᠴᠠᠯᠭ᠎ᠠ ᠬᠢᠭᠡᠳ ᠱᠠᠩᠨᠠᠵᠤ ᠲᠣᠷᠭᠠᠬᠤ᠂ | ᠪᠡᠯᠡᠳᠬᠡᠯ ᠲᠥᠰᠦᠯ ᠤᠨ ᠬᠠᠮᠢᠶᠠᠷᠤᠯᠲᠠ ᠪᠠᠭᠲᠠᠨ᠎ᠠ᠃ | ᠳᠠᠭᠠᠯᠳᠤᠭᠤᠯᠤᠯ ᠳᠦᠷᠢᠮ ᠤᠨ ᠬᠡᠰᠡᠭ ᠲᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠳᠠᠬᠢ ᠬᠤᠯᠪᠤᠭᠳᠠᠭᠰᠠᠨ ᠨᠡᠷ᠎ᠡ ᠲᠣᠮᠢᠶ᠎ᠠ ᠪᠠ ᠴᠠᠭ ᠠᠭᠤᠷ ᠠᠴᠠ | ᠡᠭᠦᠰᠬᠦ ᠭᠠᠮᠰᠢᠭ ᠢ ᠰᠡᠷᠡᠮᠵᠢᠯᠡᠭᠦᠯᠬᠦ ᠳᠡᠰ ᠬᠤᠪᠢᠶᠠᠬᠤ ᠪᠠᠷᠢᠮᠵᠢᠶ᠎ᠠ ᠶᠢ ᠲᠣᠳᠣᠷᠬᠠᠶᠢᠯᠠᠪᠠ᠃ | | |