︽ᠤᠯᠠᠭᠠᠨᠬᠠᠳᠠ ᠬᠤᠲᠠ ᠶᠢᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭᠠᠨ ᠤ ᠲᠥᠰᠦᠯ ︵2023 - 2025 ᠣᠨ︶ ︵ᠵᠠᠰᠠᠪᠤᠷᠢ ᠣᠷᠣᠭᠤᠯᠤᠭᠰᠠᠨ ᠬᠡᠪᠯᠡᠯ︶︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/25
      ︽ᠤᠯᠠᠭᠠᠨᠬᠠᠳᠠ ᠬᠤᠲᠠ ᠶᠢᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭᠠᠨ ᠤ ᠲᠥᠰᠦᠯ ︵2023 - 2025 ᠣᠨ︶ ︵ᠵᠠᠰᠠᠪᠤᠷᠢ ᠣᠷᠣᠭᠤᠯᠤᠭᠰᠠᠨ ᠬᠡᠪᠯᠡᠯ︶︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠨᠢ ᠳᠤᠤᠷᠠᠬᠢ ᠮᠡᠲᠦ᠄       ᠨᠢᠭᠡ᠂ ᠨᠡᠶᠢᠲᠡᠯᠡᠭᠰᠡᠨ ᠠᠬᠤᠶ ᠪᠠᠶᠢᠳᠠᠯ       2022 ᠣᠨ ᠤ ᠡᠴᠦᠰ ᠪᠣᠯᠲᠠᠯ᠎ᠠ᠂ ᠤᠯᠠᠭᠠᠨᠬᠠᠳᠠ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠡᠮ ᠡᠮᠨᠡᠯᠭᠡ ᠶᠢᠨ ᠦᠢᠯᠡᠳᠪᠦᠷᠢᠯᠡᠯ ᠤᠨ ᠠᠵᠤ ᠠᠬᠤᠶᠢᠯᠠᠯ 17 ᠪᠠᠶᠢᠵᠤ᠂ ᠦᠢᠯᠡᠳᠬᠦᠨ ᠤ ᠥᠷᠲᠡᠭ ᠨᠢ 22.68 ᠳ᠋ᠦᠩᠰᠢᠭᠤᠷ ᠲᠥᠭᠦᠷᠢᠭ ᠲᠤ ᠬᠥᠷᠪᠡ᠃ ᠣᠳᠣᠬᠠᠨ ᠳᠤ᠂ ᠬᠡᠪᠴᠢᠶᠡᠵᠢᠯ ᠠᠴᠠ ᠳᠡᠭᠡᠭᠰᠢᠬᠢ ᠡᠮ ᠡᠮᠨᠡᠯᠭᠡ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠯᠡᠷᠡᠵᠦ᠂ ᠬᠢᠮᠢ ᠶᠢᠨ ᠡᠮ ᠤᠨ ᠵᠦᠢᠯ᠂ ᠬᠢᠲᠠᠳ ᠮᠣᠩᠭᠤᠯ ᠡᠮ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠮᠠᠯ ᠳᠤ ᠬᠡᠷᠡᠭᠯᠡᠬᠦ ᠡᠮ ᠤᠨ ᠵᠦᠢᠯ ᠢ ᠬᠠᠮᠤᠷᠤᠭᠰᠠᠨ ᠦᠢᠯᠡᠳᠪᠦᠷᠢᠯᠡᠯ ᠤᠨ ᠰᠢᠰᠲ᠋ᠧᠮ ᠢ ᠪᠦᠷᠢᠯᠳᠦᠭᠦᠯᠪᠡ᠃ ᠭᠡᠪᠡᠴᠦ ᠡᠭᠦᠨ ᠤ ᠳᠤ ᠬᠠᠮᠲᠤ᠂ ᠡᠮ ᠡᠮᠨᠡᠯᠭᠡ ᠡᠳ᠋ᠰᠢᠭᠦᠯᠬᠦ ᠠᠵᠤ ᠦᠢᠯᠡᠰ ᠲᠤ ᠪᠠᠰᠠ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢ ᠥᠷᠭᠡᠳᠬᠡᠬᠦ ᠡᠷᠴᠢᠮ ᠬᠦᠷᠦᠯᠴᠡᠬᠦ ᠥᠬᠡᠶ᠂ ᠬᠢᠲᠠᠳ ᠡᠮ ︵ᠮᠣᠩᠭᠤᠯ ᠡᠮ︶ ᠤᠨ ᠬᠦᠷᠢᠶ᠎ᠡ ᠴᠠᠷᠠᠭ᠎ᠠ ᠶᠢ ᠨᠡᠭᠡᠭᠡᠨ ᠬᠥᠭᠵᠢᠭᠦᠯᠬᠦ ᠡᠷᠴᠢᠮ ᠢᠶᠠᠷ ᠳᠤᠤᠷ᠎ᠠ᠂ ᠰᠢᠨ᠎ᠡ ᠶᠢ ᠡᠭᠦᠳᠬᠦ ᠬᠡᠯᠬᠢᠶᠡᠰᠦ ᠪᠠᠷ ᠴᠢᠩᠭ᠎ᠠ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃       ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠮ ᠡᠮᠨᠡᠯᠭᠡ ᠶᠢᠨ ᠠᠵᠤ ᠦᠢᠯᠡᠰ ᠲᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠳᠤᠲᠠᠭᠤᠳᠠᠯ ᠢᠶᠠᠨ ᠭᠦᠢᠴᠡᠳ ᠨᠥᠬᠦᠪᠥᠷᠢᠯᠡᠵᠦ᠂ ᠮᠠᠨ ᠤ ᠬᠤᠲᠠ ᠶᠢᠨ ᠡᠮ ᠡᠮᠨᠡᠯᠭᠡ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠡᠷᠡᠭᠵᠢᠭᠦᠯᠦᠭᠰᠡᠨ ᠡᠮ ᠡᠮᠨᠡᠯᠭᠡ ᠶᠢᠨ ᠠᠵᠤ ᠦᠢᠯᠡᠰ ᠤᠨ ︽ᠰᠢᠯᠢᠳᠡᠭ ᠢ ᠪᠤᠶᠢᠵᠢᠭᠤᠯᠵᠤ ᠦᠷ᠎ᠡ ᠠᠰᠢᠭ ᠢ ᠨᠡᠮᠡᠭᠳᠡᠭᠦᠯᠬᠦ︾ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ︽ᠲᠥᠰᠦᠯ︾ ᠢ ᠲᠤᠭᠤᠷᠪᠢᠵᠤ᠂ ᠠᠵᠢᠯ ᠤᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠲᠥᠯᠥᠪᠵᠢᠭᠦᠯᠪᠡ᠃      ᠬᠤᠶᠠᠷ᠂ ᠭᠦᠢᠴᠡᠳᠬᠡᠬᠦ ᠬᠤᠭᠤᠴᠠᠭ᠎ᠠ       ︽ᠲᠥᠰᠦᠯ︾ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠵᠦ᠂ ᠬᠡᠷᠡᠭᠵᠢᠭᠦᠯᠬᠦ ᠬᠤᠭᠤᠴᠠᠭ᠎ᠠ ᠨᠢ 2023 - 2025 ᠣᠨ ᠪᠣᠯᠤᠨ᠎ᠠ᠃      ᠭᠤᠷᠪᠠ᠂ ᠭᠤᠣᠯ ᠠᠭᠤᠯᠭ᠎ᠠ       ︽ᠲᠥᠰᠦᠯ︾ ᠳᠤ ᠠᠵᠢᠯ ᠤᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ 3 ᠬᠡᠰᠡᠭ ᠪᠠᠭᠲᠠᠨ᠎ᠠ᠃       ᠠᠵᠢᠯ ᠤᠨ ᠬᠠᠷᠠᠯᠲᠠ᠃ ᠨᠢᠭᠡ ᠳᠤ᠂ ᠬᠤᠩᠱᠠᠨ᠂ ᠶᠤᠸᠠᠨ ᠪᠦᠦ ᠱᠠᠨ ᠤ ᠡᠮ ᠡᠮᠨᠡᠯᠭᠡ ᠶᠢᠨ ᠠᠵᠤ ᠦᠢᠯᠡᠰ ᠤᠨ ᠬᠦᠷᠢᠶᠡᠯᠡᠩ᠂ ᠬᠠᠷᠠᠴᠢᠨ ᠬᠤᠰᠢᠭᠤ᠂ ᠠᠤᠬᠠᠨ ᠬᠤᠰᠢᠭᠤ᠂ ᠯᠢᠨᠰᠢ ᠰᠢᠶᠠᠨ ᠤ ᠬᠢᠲᠠᠳ ᠡᠪᠡᠰᠦᠨ ᠡᠮ ᠤᠨ ᠰᠠᠭᠤᠷᠢᠨ ᠭᠠᠵᠠᠷ ᠢ ᠪᠠᠶᠢᠭᠤᠯᠵᠤ᠂ ᠤᠯᠠᠭᠠᠨᠬᠠᠳᠠ ᠶᠢᠨ ᠡᠮ ᠡᠮᠨᠡᠯᠭᠡ ᠶᠢᠨ ᠨᠡᠷᠡᠲᠦ ᠲᠡᠮᠳᠡᠭ ᠢ ᠡᠭᠦᠳᠦᠨ᠎ᠡ︔ ᠬᠤᠶᠠᠷ ᠲᠤ ᠭᠤᠷᠪᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ 2025 ᠣᠨ ᠪᠣᠯᠬᠤ ᠳᠤ ᠪᠥᠬᠦ ᠬᠤᠲᠠ ᠶᠢᠨ ᠡᠮ ᠡᠮᠨᠡᠯᠭᠡ ᠶᠢᠨ ᠠᠵᠤ ᠦᠢᠯᠡᠰ 110 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠦᠨ᠎ᠡ᠃       ᠭᠤᠣᠯᠳᠠᠯᠭ᠎ᠠ ᠲᠠᠢ ᠡᠭᠦᠷᠭᠡ᠃ ︽ᠲᠥᠰᠦᠯ︾ ᠳᠤ 7 ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠭᠲᠠᠭᠠᠪᠠ᠂ ᠲᠤᠰᠪᠤᠷᠢ᠄ ᠲᠦᠭᠦᠬᠡᠶ ᠮᠠᠲ᠋ᠧᠷᠢᠶᠠᠯ ᠤᠨ ᠡᠮ ᠢ ᠪᠤᠵᠠᠭᠠᠶᠢᠷᠠᠭᠤᠯᠤᠨ ᠬᠥᠭᠵᠢᠭᠦᠯᠬᠦ᠂ ᠬᠢᠮᠢ ᠶᠢᠨ ᠨᠠᠶᠢᠷᠠᠯᠭ᠎ᠠ ᠶᠢᠨ ᠡᠮ ᠢ ᠬᠥᠭᠵᠢᠭᠦᠯᠦᠨ ᠮᠠᠨᠳᠤᠭᠤᠯᠵᠤ ᠬᠢᠲᠠᠳ ᠮᠣᠩᠭᠤᠯ ᠡᠮ ᠢ ᠰᠢᠨ᠎ᠡ ᠶᠢ ᠡᠭᠦᠳᠦᠨ ᠬᠥᠭᠵᠢᠭᠦᠯᠬᠦ᠂ ᠬᠤᠶᠠᠷ ᠶᠡᠭᠡ ᠭᠤᠤᠯᠯᠠᠭᠴᠢ ᠡᠮ ᠡᠮᠨᠡᠯᠭᠡ ᠶᠢᠨ ᠠᠵᠤ ᠦᠢᠯᠡᠰ ᠤᠨ ᠬᠦᠷᠢᠶᠡᠯᠡᠩ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ᠂ ᠣᠲᠣ ᠪᠠᠶᠢᠭ᠎ᠠ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠪᠠᠳᠠᠷᠠᠭᠤᠯᠬᠤ᠂ ᠤᠯᠠᠭᠠᠨᠬᠠᠳᠠ ᠶᠢᠨ ᠡᠮ ᠡᠮᠨᠡᠯᠭᠡ ᠶᠢᠨ ᠨᠠᠷᠠᠲᠤ ᠲᠡᠮᠳᠡᠭ ᠢ ᠬᠦᠴᠦᠯᠡᠨ ᠪᠣᠶ ᠪᠣᠯᠭᠠᠬᠤ᠂ ᠡᠮ ᠡᠮᠨᠡᠯᠭᠡ ᠶᠢᠨ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ ᠪᠣᠯᠤᠨ᠎ᠠ᠃      ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ᠂ ᠪᠠᠯᠠ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠬᠦ᠂ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠬᠤ᠂ ᠮᠥᠷᠳᠡᠨ ᠬᠢᠨᠠᠨ ᠬᠡᠮᠵᠢᠵᠦ ᠦᠨᠡᠯᠡᠨ ᠵᠢᠱᠢᠬᠦ ᠵᠡᠷᠭᠡ 4 ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨᠬᠦ ᠪᠠᠲᠤᠯᠠᠬᠤ ᠭᠤᠷᠪᠠᠨ ᠵᠢᠯ ᠤᠨ ᠠᠵᠢᠯᠯᠠᠭᠠᠨ ᠢ ᠦᠷᠭᠦᠯᠵᠢᠯᠡᠨ ᠠᠬᠢᠭᠤᠯᠤᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ