︽ᠤᠯᠠᠭᠠᠨᠬᠠᠳᠠ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠥᠴᠦᠷᠬᠡᠭ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠠᠵᠢᠯᠯᠠᠭᠠᠨ ᠤ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/27
      ᠨᠢᠭᠡ᠂ ᠲᠣᠭᠲᠠᠭᠠᠭᠰᠠᠨ ᠠᠬᠤᠶ ᠪᠠᠶᠢᠳᠠᠯ ᠵᠢᠴᠢ ᠠᠴᠢ ᠬᠤᠯᠪᠣᠭᠳᠠᠯ       ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ ︵2021-2035 ᠣᠨ︶︾ ︽︿ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ ︵2021-2035 ᠣᠨ︶﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠨᠠᠮ ᠲᠠᠷᠬᠠᠭᠠᠭᠰᠠᠨ ﹇2022﹈ 36 ᠳ᠋ᠤᠭᠠᠷ ᠲᠣᠭᠠᠲᠤ︶ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢ ᠠᠬᠢᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤᠮᠳᠠᠬᠢ ᠲᠤᠯᠭᠠᠭᠤᠷᠢᠯᠠᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠲᠤᠯᠭᠠᠭᠤᠷᠢᠯᠠᠬᠤ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠬᠤᠶᠠᠷ᠂ ᠵᠢᠯᠣᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠤᠨ ᠲᠤᠬᠠᠶ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠡᠭᠦᠳᠦᠨ ᠪᠦᠲᠦᠭᠡᠬᠦ ᠶᠢ ᠵᠣᠷᠢᠭᠵᠢᠭᠤᠯᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠴᠢᠩᠭ᠎ᠠ ᠬᠠᠮᠠᠭᠠᠯᠠᠬᠤ ᠪᠠ ᠪᠦᠲᠦᠮᠵᠢᠲᠡᠶ ᠬᠡᠷᠡᠭᠯᠡᠬᠦ ᠪᠠᠷ ᠭᠤᠤᠯᠳᠠᠯᠭ᠎ᠠ ᠪᠣᠯᠭᠠᠵᠤ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠥᠷᠨᠢᠨ ᠬᠥᠭᠵᠢᠬᠦ ᠶᠢ ᠠᠬᠢᠭᠤᠯᠵᠤ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠬᠤ ᠶᠢ ᠪᠠᠲᠤᠯᠠᠨ ᠵᠣᠷᠢᠭᠵᠢᠭᠤᠯᠤᠨ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠴᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃      ᠭᠤᠷᠪᠠ᠂ ᠬᠥᠭᠵᠢᠯᠲᠡ ᠶᠢᠨ ᠬᠠᠷᠠᠯᠲᠠ       2025 ᠣᠨ ᠤ ᠰᠡᠭᠦᠯᠴᠢ ᠪᠣᠯᠬᠤ ᠳᠤ᠂ ᠪᠥᠬᠦ ᠬᠤᠲᠠ ᠶᠢᠨ ᠬᠦᠴᠦᠨ ᠪᠥᠬᠦᠶ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ 50000 ᠳᠤ ᠬᠦᠷᠦᠭᠦᠯᠦᠨ᠎ᠡ︔ ᠭᠠᠵᠠᠷ ᠵᠦᠶ ᠶᠢᠨ ᠲᠡᠮᠳᠡᠭᠲᠦ ᠲᠠᠸᠠᠷ ᠤᠨ ᠲᠡᠮᠳᠡᠭ ᠢ 50 ᠳᠤ ᠬᠦᠷᠦᠭᠦᠯᠦᠨ᠎ᠡ︔ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠶ ᠠᠰᠢᠭ ᠢ ᠲᠦᠮᠡᠨ ᠬᠥᠮᠦᠨ ᠳᠤ 0.5 ᠬᠤᠪᠢ ᠣᠯᠭᠤᠨ᠎ᠠ︔ 1 ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠤᠶᠢᠵᠢᠭᠤᠯᠤᠨ᠎ᠠ︔ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠲᠠᠢ ᠪᠠᠯᠠ ᠲᠣᠬᠢᠷᠠᠭᠤᠯᠭ᠎ᠠ ᠶᠢᠨ ᠬᠡᠮᠵᠢᠶ᠎ᠡ ᠶᠢ 6 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠪᠦᠬᠦ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠶᠡᠷᠦᠩᠬᠡᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠶᠡᠷᠦᠩᠬᠡᠢᠯᠡᠭᠰᠡᠨ ᠪᠣᠳᠠᠲᠤ ᠬᠦᠴᠦᠨ ᠢ ᠢᠯᠡᠳᠲᠡ ᠴᠢᠩᠭᠠᠷᠠᠭᠤᠯᠵᠤ᠂ ᠪᠦᠬᠦ ᠬᠤᠲᠠ ᠶᠢᠨ ᠨᠡᠶᠢᠭᠡᠮ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠠᠬᠢᠭᠤᠯᠬᠤ ᠦᠢᠯᠡᠳᠦᠯ ᠢ ᠢᠯᠡᠳᠲᠡ ᠳᠡᠭᠡᠭᠰᠢᠯᠡᠭᠦᠯᠦᠨ᠎ᠡ᠃       2035 ᠣᠨ ᠪᠣᠯᠬᠤ ᠳᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠨᠠᠩ ᠰᠢᠨᠵᠢᠯᠡᠬᠦ ᠤᠬᠠᠭᠠᠨᠴᠢ ᠪᠣᠯᠭᠠᠵᠤ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠵᠤ᠂ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠥᠬᠦ ᠲᠠᠯ᠎ᠠ ᠪᠠᠷ ᠪᠦᠷᠢᠯᠳᠦᠭᠦᠯᠵᠦ᠂ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠶᠡᠭᠡ ᠪᠠᠷ ᠳᠡᠭᠡᠭᠰᠢᠯᠡᠭᠦᠯᠵᠦ᠂ ᠣᠷᠣᠨ ᠨᠤᠲᠤᠭ ᠤᠨ ᠣᠨᠴᠠᠯᠢᠭ ᠲᠠᠢ ᠪᠣᠬᠢᠷᠲᠤᠯ ᠥᠬᠡᠶ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠬᠤᠲᠠ ᠶᠢ ᠦᠨᠳᠦᠰᠦᠨ ᠳᠡᠭᠡᠨ ᠪᠠᠶᠢᠭᠤᠯᠤᠨ᠎ᠠ᠃      ᠳᠥᠷᠪᠡ᠂ ᠭᠤᠣᠯᠳᠠᠯᠭ᠎ᠠ ᠲᠠᠢ ᠠᠵᠢᠯ       ︵ᠨᠢᠭᠡ︶ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠤᠶᠢᠵᠢᠭᠤᠯᠬᠤ ᠰᠢᠰᠲ᠋ᠧᠮ ᠢ ᠪᠠᠶᠢᠭᠤᠯᠵᠤ᠂ ᠠᠵᠤ ᠠᠬᠤᠶᠢᠯᠠᠯ ᠤᠨ ᠭᠤᠤᠯᠯᠠᠬᠤ ᠥᠷᠢᠰᠦᠯᠳᠦᠬᠦ ᠬᠦᠴᠦᠨ ᠢ ᠪᠤᠶᠢᠵᠢᠭᠤᠯᠬᠤ ᠬᠡᠷᠡᠭᠲᠡᠶ᠃ ︽ᠤᠯᠠᠭᠠᠨᠬᠠᠳᠠ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠡᠳᠬᠦᠮᠵᠢ ᠵᠢᠴᠢ ᠱᠠᠩᠨᠠᠨ ᠬᠥᠬᠢᠭᠦᠯᠬᠦ ᠠᠷᠭ᠎ᠠ︾ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠦ ᠶᠢᠨ ᠪᠣᠳᠣᠯᠭ᠎ᠠ ᠶᠢᠨ ᠬᠥᠲᠥᠯᠥᠨ ᠵᠢᠯᠣᠭᠤᠳᠬᠤ᠂ ᠤᠷᠮᠠᠰᠢᠭᠤᠯᠬᠤ ᠦᠢᠯᠡᠳᠦᠯ ᠢ ᠪᠠᠳᠠᠷᠠᠭᠤᠯᠵᠤ᠂ ᠭᠠᠵᠠᠷ ᠵᠦᠢ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ ᠢ ᠪᠤᠶᠢᠵᠢᠭᠤᠯᠬᠤ᠂ ᠳᠠᠩᠰᠠᠯᠠᠬᠤ ᠪᠠ ᠳᠡᠯᠭᠡᠷᠡᠭᠦᠯᠦᠨ ᠬᠡᠷᠡᠭᠯᠡᠬᠦ ᠠᠵᠢᠯ ᠢ ᠭᠤᠣᠯᠳᠠᠯᠭ᠎ᠠ ᠲᠠᠢ ᠴᠢᠩᠭᠠᠳᠬᠠᠨ᠂ ᠭᠠᠵᠠᠷ ᠵᠦᠢ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ ᠢᠶᠠᠷ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ ᠶᠠᠰᠤ ᠴᠢᠨᠠᠷ ᠪᠠ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠱᠢᠶ᠎ᠡ ᠦᠵᠡᠭᠦᠯᠬᠦ᠂ ᠳᠠᠪᠠᠭᠤᠯᠢᠭ ᠠᠵᠤ ᠠᠬᠤᠶᠢᠯᠠᠯ ᠢ ᠪᠤᠶᠢᠵᠢᠭᠤᠯᠬᠤ ᠠᠵᠢᠯ ᠢ ᠠᠬᠢᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠬᠠᠨᠳᠤᠯᠭᠠᠲᠤ ᠴᠢᠨᠠᠷᠲᠠᠶ ᠪᠠᠷ ᠪᠠᠷᠢᠮᠵᠢᠶ᠎ᠠ ᠶᠢ ᠪᠠᠲᠤᠯᠠᠬᠤ ᠵᠢᠯᠣᠭᠤᠳᠣᠯᠭ᠎ᠠ ᠬᠢᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠤᠰᠬᠠᠶ ᠠᠰᠢᠭ ᠤᠨ ᠵᠠᠮᠴᠢᠯᠠᠬᠤ ᠠᠵᠢᠯ ᠢ ᠵᠣᠯᠭᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ       ︵ᠬᠤᠶᠠᠷ︶ ᠮᠡᠳᠡᠯᠭᠡ ᠶᠢᠨ ᠥᠮᠴᠢᠯᠡᠯ ᠤᠨ ᠡᠷᠬᠡ ᠶᠢ ᠶᠡᠬᠡᠪᠡᠷ ᠬᠠᠮᠠᠭᠠᠯᠠᠬᠤ ᠰᠢᠰᠲ᠋ᠧᠮ ᠢ ᠪᠠᠶᠢᠭᠤᠯᠵᠤ᠂ ᠰᠢᠨ᠎ᠡ ᠶᠢ ᠡᠭᠦᠳᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ᠂ ᠬᠠᠤᠯᠢ ᠴᠠᠭᠠᠵᠠ ᠶᠢᠨ ᠬᠠᠮᠠᠭᠠᠯᠠᠯᠲᠠ ᠵᠢᠴᠢ ᠣᠷᠣᠨ ᠪᠦᠰᠡ ᠠᠯᠤᠰᠯᠠᠭᠰᠠᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠷᠢᠶ᠎ᠡ ᠴᠠᠷᠠᠭ᠎ᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠵᠢᠭᠤᠷᠠᠯᠳᠤᠭᠠᠨ ᠢ ᠣᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃       ︵ᠭᠤᠷᠪᠠ︶ ᠮᠡᠳᠡᠯᠭᠡ ᠶᠢᠨ ᠥᠮᠴᠢᠯᠡᠯ ᠤᠨ ᠡᠷᠬᠡ ᠶᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠤᠯᠭᠠᠭᠤᠷᠢᠯᠠᠬᠤ ᠬᠡᠷᠡᠭᠲᠡᠢ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠲᠠᠢ ᠪᠠᠯᠠ ᠲᠣᠬᠢᠷᠠᠭᠤᠯᠭ᠎ᠠ ᠶᠢᠨ ᠠᠵᠢᠯ ᠤᠨ ᠡᠷᠴᠢᠮ ᠢ ᠴᠢᠩᠭᠠᠷᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠷᠣᠯᠠᠨ ᠭᠦᠢᠴᠡᠳᠭᠡᠬᠦ ᠠᠵᠢᠯ ᠲᠥᠷᠥᠯ ᠤᠨ ︽ᠬᠥᠬᠡ ᠣᠭᠲᠠᠷᠭᠤᠶ︾ ᠲᠤᠰᠬᠠᠶ ᠴᠡᠭᠴᠡᠯᠡᠨ ᠵᠠᠰᠠᠬᠤ ᠠᠵᠢᠯᠯᠠᠭᠠᠨ ᠢ ᠭᠦᠨᠵᠡᠭᠡᠶ ᠠᠬᠢᠭᠤᠯᠵᠤ᠂ ᠬᠡᠪ ᠤᠨ ᠪᠤᠰᠤ ᠲᠤᠰᠬᠠᠶ ᠠᠰᠢᠭ ᠭᠤᠶᠤᠴᠢᠯᠠᠬᠤ ᠪᠠ ᠲᠠᠸᠠᠷ ᠤᠨ ᠲᠡᠮᠳᠡᠭ ᠢ ᠮᠠᠭᠤ ᠰᠠᠨᠠᠭ᠎ᠠ ᠪᠠᠷ ᠵᠠᠪᠳᠤᠨ ᠳᠠᠩᠰᠠᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ ᠪᠠ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠬᠤ ᠪᠠᠷ ᠳᠠᠮᠵᠢᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠥᠴᠥᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠮᠬᠢ ᠵᠢᠷᠤᠮ ᠲᠠᠢ ᠠᠬᠢᠬᠤ᠂ ᠴᠠᠭ ᠲᠠᠭᠠᠨ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ