| | ᠦᠨᠳᠦᠰᠦᠨ ᠮᠡᠳᠡᠭᠡ ᠵᠠᠩᠭᠢ | | ᠲᠣᠭᠳᠠᠭᠠᠭᠰᠠᠨ ᠦᠨᠳᠦᠰᠦᠯᠡᠯ᠄ | 1. ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ﹀ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ︾ ︵ᠬᠥᠮᠦᠨ ᠨᠡᠶᠢᠭᠡᠮ ᠶᠠᠮᠤᠨ ᠲᠠᠷᠬᠠᠭᠠᠭᠰᠠᠨ ﹇2011﹈ 47 ᠳ᠋ᠤᠭᠠᠷ ᠲᠣᠭᠠᠲᠤ︶ ᠤᠨ ᠬᠤᠶᠠᠳᠤᠭᠠᠷ ᠪᠦᠯᠦᠭ᠄ ᠲᠠᠷᠬᠠᠭᠠᠬᠤ | ᠬᠠᠮᠢᠶᠠᠷᠤᠯᠲᠠ︔ ᠭᠤᠷᠪᠠᠳᠤᠭᠠᠷ ᠪᠦᠯᠦᠭ᠄ ᠦᠢᠯᠡᠳᠬᠦ ᠬᠠᠮᠢᠶᠠᠷᠤᠯᠲᠠ︔ ᠳᠥᠷᠪᠡᠳᠦᠭᠡᠷ ᠪᠦᠯᠦᠭ᠄ ᠬᠡᠷᠡᠭᠯᠡᠭᠡᠨ ᠤ ᠬᠠᠮᠢᠶᠠᠷᠤᠯᠲᠠ᠃ | 2. ︽ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠮᠥᠩᠭᠦᠨ ᠭᠦᠢᠯᠭᠡᠭᠡᠨ ᠤ ᠴᠢᠳᠠᠮᠵᠢ ᠨᠡᠮᠡᠬᠦ ᠲᠤᠬᠠᠶ ᠮᠡᠳᠡᠭᠳᠡᠯ︾ ︵ᠬᠥᠮᠦᠨ ᠨᠡᠶᠢᠭᠡᠮ ᠶᠠᠮᠤᠨ | ᠲᠠᠷᠬᠠᠭᠠᠭᠰᠠᠨ ﹇2011﹈ 83 ᠳ᠋ᠤᠭᠠᠷ ᠲᠣᠭᠠᠲᠤ︶ ᠤᠨ ᠬᠤᠶᠠᠳᠤᠭᠠᠷ ᠬᠡᠰᠡᠭ᠂ ᠴᠢᠳᠠᠮᠵᠢ ᠶᠢᠨ ᠪᠠᠶᠢᠷᠢ ᠲᠣᠭᠲᠠᠭᠠᠯᠲᠠ᠄ ᠨᠡᠶᠢᠭᠡᠮ ᠤᠨ ᠪᠠᠲᠤᠯᠠᠭ᠎ᠠ ᠶᠢᠨ | ᠺᠠᠷᠲ ᠲᠤ ᠮᠥᠩᠭᠦᠨ ᠭᠦᠢᠯᠭᠡᠭᠡᠨ ᠤ ᠴᠢᠳᠠᠮᠵᠢ ᠨᠡᠮᠡᠬᠦ ᠳᠤ ᠭᠤᠣᠯᠳᠠᠭᠤ ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠪᠠᠩᠬᠢ ᠶᠢᠨ ᠲᠤᠬᠠᠶᠢᠯᠠᠭᠰᠠᠨ ᠠᠵᠢᠯ ᠤᠨ | ᠬᠡᠷᠡᠭᠯᠡᠭᠡᠨ ᠢ ᠨᠡᠮᠡᠬᠦ ᠪᠠᠷ ᠳᠠᠮᠵᠢᠨ ᠪᠡᠶᠡᠯᠡᠭᠳᠡᠨ᠎ᠡ᠃ ᠮᠥᠩᠭᠦᠨ ᠭᠦᠢᠯᠭᠡᠭᠡᠨ ᠤ ᠴᠢᠳᠠᠮᠵᠢ ᠨᠡᠮᠡᠭᠰᠡᠨ ᠤ ᠳᠠᠷᠠᠭᠠᠬᠢ ᠨᠡᠶᠢᠭᠡᠮ ᠤᠨ ᠪᠠᠲᠤᠯᠠᠭ᠎ᠠ ᠶᠢᠨ ᠺᠠᠷᠲ ᠨᠢ ᠺᠠᠷᠲ | ᠡᠵᠡᠮᠰᠢᠭᠴᠢ ᠪᠣᠯᠤᠭᠰᠠᠨ ᠤ ᠬᠤᠪᠢ ᠳᠤ ᠨᠡᠶᠢᠭᠡᠮ ᠤᠨ ᠪᠠᠲᠤᠯᠠᠭ᠎ᠠ ᠪᠠ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠡᠷᠬᠡ ᠠᠰᠢᠭ ᠤᠨ ᠡᠯᠧᠺᠲᠷᠣᠨ | ᠭᠡᠷᠡᠴᠢ ᠪᠠᠷᠢᠮᠲᠠ ᠶᠢ ᠡᠳ᠋ᠯᠡᠵᠦ᠂ ᠮᠡᠳᠡᠭᠡ ᠵᠠᠩᠭᠢ ᠶᠢᠨ ᠲᠡᠮᠳᠡᠭᠯᠡᠯ᠂ ᠮᠡᠳᠡᠭᠡ ᠵᠠᠩᠭᠢ ᠶᠢᠨ ᠯᠠᠪᠯᠠᠯᠭ᠎ᠠ᠂ ᠲᠤᠬᠠᠶᠢᠯᠠᠭᠰᠠᠨ ᠠᠵᠢᠯ ᠤᠨ ᠭᠦᠢᠴᠡᠳᠬᠡᠯ ᠵᠡᠷᠭᠡ ᠨᠡᠶᠢᠭᠡᠮ ᠤᠨ | ᠪᠠᠲᠤᠯᠠᠭ᠎ᠠ ᠶᠢᠨ ᠺᠠᠷᠲ ᠤᠨ ᠦᠨᠳᠦᠰᠦᠨ ᠴᠢᠳᠠᠮᠵᠢ ᠲᠠᠢ ᠪᠠᠶᠢᠬᠤ ᠶᠢᠨ ᠬᠠᠮᠲᠤ ᠪᠠᠩᠬᠢ ᠶᠢᠨ ᠺᠠᠷᠲ ᠪᠣᠯᠭᠠᠨ ᠬᠡᠷᠡᠭᠯᠡᠵᠦ ᠪᠣᠯᠬᠤ ᠪᠥᠭᠡᠳ ᠪᠡᠯᠡᠨ ᠵᠣᠭᠤᠰ | ᠬᠠᠳᠠᠭᠠᠯᠠᠵᠤ ᠭᠠᠷᠭᠠᠬᠤ᠂ ᠳᠠᠩᠰᠠ ᠰᠢᠯᠵᠢᠭᠦᠯᠬᠦ᠂ ᠬᠡᠷᠡᠭᠯᠡᠭᠡ ᠬᠢᠬᠦ ᠵᠡᠷᠭᠡ ᠮᠥᠩᠭᠦᠨ ᠭᠦᠢᠯᠭᠡᠭᠡᠨ ᠤ ᠴᠢᠳᠠᠮᠵᠢ ᠲᠠᠢ᠃ ᠮᠥᠩᠭᠦᠨ ᠭᠦᠢᠯᠭᠡᠭᠡᠨ ᠤ ᠴᠢᠳᠠᠮᠵᠢ ᠲᠠᠢ | ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠮᠥᠩᠭᠦᠨ ᠭᠦᠢᠯᠭᠡᠭᠡᠨ ᠤ ᠬᠡᠷᠡᠭᠯᠡᠯᠲᠡ ᠨᠢ ᠠᠷᠠᠳ ᠤᠨ ᠵᠣᠭᠤᠰ ᠤᠨ ᠵᠢᠭᠡᠯᠡᠪᠦᠷᠢ ᠲᠡᠮᠳᠡᠭᠯᠡᠯ ᠤᠨ ᠬᠡᠷᠡᠭᠯᠡᠯᠲᠡ ᠪᠠᠶᠢᠵᠤ᠂ | ᠵᠢᠭᠡᠯᠡᠯᠭᠡ ᠲᠡᠮᠳᠡᠭᠯᠡᠬᠦ ᠴᠢᠳᠠᠮᠵᠢ ᠶᠢ ᠲᠦᠷ ᠳᠡᠮᠵᠢᠬᠦ ᠦᠭᠡᠶ᠃ ᠴᠢᠫ ᠳᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠬᠡᠷᠡᠭᠯᠡᠯᠲᠡ ᠪᠠ | ᠮᠥᠩᠭᠦᠨ ᠭᠦᠢᠯᠭᠡᠭᠡᠨ ᠤ ᠬᠡᠷᠡᠭᠯᠡᠯᠲᠡ ᠶᠢ ᠬᠠᠮᠲᠤ ᠳᠤᠨᠢ ᠪᠠᠭᠲᠠᠭᠠᠨ᠎ᠠ᠃ | 3. ︽ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠷᠬᠠᠭᠠᠬᠤ ᠬᠠᠮᠢᠶᠠᠷᠤᠯᠲᠠ ᠶᠢᠨ ᠶᠠᠪᠤᠴᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠥᠮᠦᠨ | ᠨᠡᠶᠢᠭᠡᠮ ᠲᠢᠩᠬᠢᠮ ᠲᠠᠷᠬᠠᠭᠠᠭᠰᠠᠨ ﹇2014﹈ 20 ᠳ᠋ᠤᠭᠠᠷ ᠲᠣᠭᠠᠲᠤ︶ ᠤᠨ ᠪᠥᠬᠦ ᠠᠭᠤᠯᠭ᠎ᠠ᠃ | 4. ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠡᠷᠡᠭᠯᠡᠯᠲᠡ ᠶᠢ ᠲᠦᠷᠭᠡᠳᠬᠡᠨ ᠠᠬᠢᠭᠤᠯᠬᠤ ᠲᠤᠬᠠᠶ ᠰᠠᠨᠠᠯ︾ ︵ᠬᠥᠮᠦᠨ ᠨᠡᠶᠢᠭᠡᠮ ᠶᠠᠮᠤᠨ ᠲᠠᠷᠬᠠᠭᠠᠭᠰᠠᠨ | ﹇2014﹈ 52 ᠳ᠋ᠤᠭᠠᠷ ᠲᠣᠭᠠᠲᠤ︶ ᠤᠨ ᠪᠥᠬᠦ ᠠᠭᠤᠯᠭ᠎ᠠ᠃ | 5. LD / T 3220 — 15 ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠵᠢᠷᠤᠮᠵᠢᠯ︾ ᠤᠨ ᠪᠥᠬᠦ ᠠᠭᠤᠯᠭ᠎ᠠ᠃ | 6. LD / T 3320 — 15 ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠤᠩᠰᠢᠨ ᠪᠢᠴᠢᠬᠦ ᠦᠵᠦᠭᠦᠷ ᠤᠨ ᠵᠢᠷᠤᠮᠵᠢᠯ︾ ᠤᠨ ᠪᠦᠬᠦ ᠠᠭᠤᠯᠭ᠎ᠠ᠃ | | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ᠄ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ | | | ᠭᠦᠢᠴᠡᠳᠭᠡᠬᠦ ᠭᠠᠵᠠᠷ᠄ | ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠠ ᠮᠢᠩ ᠵᠡᠭᠡᠯᠢ ᠶᠢᠨ 8 ᠳ᠋ᠤᠭᠠᠷ ᠨᠣᠮᠧᠷ᠂ ᠤᠯᠠᠭᠠᠨᠬᠠᠳᠠ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠤᠪᠢᠶᠠᠷᠢ ᠲᠢᠩᠬᠢᠮ ᠤᠨ ᠬᠤᠶᠠᠳᠤᠭᠠᠷ | ᠲᠢᠩᠬᠢᠮ ᠤᠨ 8 ᠳ᠋ᠤᠭᠠᠷ ᠴᠣᠩᠬᠤᠷᠤᠭ | | | ᠭᠦᠢᠴᠡᠳᠭᠡᠬᠦ ᠴᠠᠭ᠄ | ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄ | 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶ | | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ | 7 ᠳ᠋ᠤᠭᠠᠷ ᠵᠠᠮ᠂ 6 ᠳ᠋ᠤᠭᠠᠷ ᠵᠠᠮ ᠤᠨ ᠲᠡᠷᠭᠡᠨ ᠳᠤ ᠰᠠᠭᠤᠵᠤ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠥᠷᠲᠡᠭᠡ ᠳᠤ ᠪᠠᠭᠤᠵᠤ᠂ ᠬᠠᠰ ᠯᠤᠤ | ᠶᠡᠭᠡ ᠵᠡᠭᠡᠯᠢ ᠶᠢ ᠳᠠᠭᠠᠵᠤ ᠵᠡᠭᠦᠨᠰᠢ 50 ᠮᠧᠲᠷ ᠶᠠᠪᠤᠭᠰᠠᠨ ᠤ ᠳᠠᠷᠠᠭ᠎ᠠ ᠵᠡᠭᠦᠨᠰᠢ ᠡᠷᠭᠢᠵᠦ 200 ᠮᠧᠲᠷ ᠶᠠᠪᠤᠵᠤ ᠳ᠋ᠠ ᠮᠢᠩ ᠵᠡᠭᠡᠯᠢ ᠳᠤ ᠣᠷᠣᠵᠤ᠂ ᠵᠡᠭᠦᠨᠰᠢ 50 | ᠮᠧᠲᠷ ᠶᠠᠪᠤᠪᠠᠯ ᠬᠦᠷᠦᠨ᠎ᠡ︔ 35 ᠳ᠋ᠤᠭᠠᠷ ᠵᠠᠮ᠂ 21 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠵᠠᠰᠠᠭ ᠤᠨ ᠣᠷᠳᠣᠨ ᠤ | ᠥᠷᠲᠡᠭᠡᠨ ᠳᠤ ᠪᠠᠭᠤᠵᠤ ᠴᠢᠤᠸᠠᠨ ᠨᠢᠩ ᠵᠡᠭᠡᠯᠢ ᠶᠢ ᠳᠠᠭᠠᠵᠤ ᠵᠡᠭᠦᠨᠰᠢ 340 ᠮᠧᠲᠷ ᠶᠠᠪᠤᠭᠰᠠᠨ ᠤ ᠳᠠᠷᠠᠭ᠎ᠠ ᠪᠠᠷᠠᠭᠤᠨᠰᠢ ᠡᠷᠭᠢᠵᠦ ᠵᠢᠨᠱᠠᠨ ᠵᠠᠮ ᠢᠶᠠᠷ 180 ᠮᠧᠲᠷ | ᠶᠠᠪᠤᠵᠤ᠂ ᠵᠡᠭᠦᠨᠰᠢ ᠡᠷᠭᠢᠵᠦ ᠳ᠋ᠡ ᠮᠢᠩ ᠵᠡᠭᠡᠯᠢ ᠳᠤ ᠣᠷᠣᠵᠤ 260 ᠮᠧᠲᠷ ᠶᠠᠪᠤᠪᠠᠯ ᠬᠦᠷᠦᠨ᠎ᠡ᠃ | |