ᠬᠤᠪᠢ ᠬᠦᠮᠦᠨ ᠤ ᠬᠡᠷᠡᠭ ᠡᠷᠬᠢᠯᠡᠬᠦ᠄ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ︵ᠨᠡᠶᠢᠭᠡᠮ ᠤᠨ ᠪᠠᠲᠤᠯᠠᠭ᠎ᠠ ᠶᠢᠨ ᠴᠢᠳᠠᠮᠵᠢ︶ ᠤᠨ ᠨᠢᠭᠤᠴᠠ ᠨᠣᠮᠧᠷ ᠲᠤ ᠵᠠᠰᠠᠪᠤᠷᠢ ᠣᠷᠣᠭᠤᠯᠬᠤ ᠪᠠ ᠳᠠᠬᠢᠨ ᠲᠣᠬᠢᠷᠠᠭᠤᠯᠬᠤ ︵ᠲᠣᠰ ᠭᠠᠵᠠᠷ᠂ ᠤᠨᠳᠤᠤ ᠭᠠᠵᠠᠷ ᠪᠠᠭᠲᠠᠨ᠎ᠠ︶
ᠨᠡᠶᠢᠲᠡᠯᠡᠭᠰᠡᠨ ᠴᠠᠭ᠄
2023/11/29
ᠦᠨᠳᠦᠰᠦᠨ ᠮᠡᠳᠡᠭᠡ ᠵᠠᠩᠭᠢ
电子社会保障卡(社会保障功能)密码修改与重置(含本地、异地)08.jpg
ᠬᠦᠯᠢᠶᠡᠨ ᠠᠪᠴᠤ ᠭᠦᠢᠴᠡᠳᠭᠡᠬᠦ ᠨᠥᠬᠦᠴᠡᠯ       ᠭᠤᠶᠤᠴᠢᠯᠠᠭᠴᠢ ᠨᠢᠭᠡᠨᠲᠡ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠭᠤᠶᠤᠴᠢᠯᠠᠨ ᠠᠪᠤᠪᠠ᠃ᠲᠣᠭᠳᠠᠭᠠᠭᠰᠠᠨ ᠦᠨᠳᠦᠰᠦᠯᠡᠯ᠄      1. ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ﹀ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠥᠮᠦᠨ ᠨᠡᠶᠢᠭᠡᠮ ᠶᠠᠮᠤᠨ ᠲᠠᠷᠬᠠᠭᠠᠭᠰᠠᠨ ﹇2011﹈ 47 ᠳ᠋ᠤᠭᠠᠷ ᠲᠣᠭᠠᠲᠤ︶ ᠤᠨ ᠬᠤᠶᠠᠳᠤᠭᠠᠷ ᠪᠦᠯᠦᠭ᠄ ᠲᠠᠷᠬᠠᠭᠠᠬᠤ ᠬᠠᠮᠢᠶᠠᠷᠤᠯᠲᠠ︔ ᠭᠤᠷᠪᠠᠳᠤᠭᠠᠷ ᠪᠦᠯᠦᠭ᠄ ᠦᠢᠯᠡᠳᠬᠦ ᠬᠠᠮᠢᠶᠠᠷᠤᠯᠲᠠ︔ ᠳᠥᠷᠪᠡᠳᠦᠭᠡᠷ ᠪᠦᠯᠦᠭ᠄ ᠬᠡᠷᠡᠭᠯᠡᠭᠡᠨ ᠤ ᠬᠠᠮᠢᠶᠠᠷᠤᠯᠲᠠ᠃       2. ︽ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠮᠥᠩᠭᠦᠨ ᠭᠦᠢᠯᠭᠡᠭᠡᠨ ᠤ ᠴᠢᠳᠠᠮᠵᠢ ᠨᠡᠮᠡᠬᠦ ᠲᠤᠬᠠᠶ ᠮᠡᠳᠡᠭᠳᠡᠯ︾ ︵ᠬᠥᠮᠦᠨ ᠨᠡᠶᠢᠭᠡᠮ ᠶᠠᠮᠤᠨ ᠲᠠᠷᠬᠠᠭᠠᠭᠰᠠᠨ ﹇2011﹈ 83 ᠳ᠋ᠤᠭᠠᠷ ᠲᠣᠭᠠᠲᠤ︶ ᠤᠨ ᠬᠤᠶᠠᠳᠤᠭᠠᠷ ᠬᠡᠰᠡᠭ᠂ ᠴᠢᠳᠠᠮᠵᠢ ᠶᠢᠨ ᠪᠠᠶᠢᠷᠢ ᠲᠣᠭᠲᠠᠭᠠᠯᠲᠠ᠄ ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠮᠥᠩᠭᠦᠨ ᠭᠦᠢᠯᠭᠡᠭᠡᠨ ᠤ ᠴᠢᠳᠠᠮᠵᠢ ᠨᠡᠮᠡᠬᠦ ᠳᠤ ᠭᠤᠣᠯᠳᠠᠭᠤ ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠪᠠᠩᠬᠢ ᠶᠢᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠢ ᠨᠡᠮᠡᠬᠦ ᠪᠠᠷ ᠳᠠᠮᠵᠢᠨ ᠪᠡᠶᠡᠯᠡᠭᠳᠡᠨ᠎ᠡ᠃ ᠮᠥᠩᠭᠦᠨ ᠭᠦᠢᠯᠭᠡᠭᠡᠨ ᠤ ᠴᠢᠳᠠᠮᠵᠢ ᠨᠡᠮᠡᠭᠰᠡᠨ ᠤ ᠳᠠᠷᠠᠭᠠᠬᠢ ᠨᠡᠶᠢᠭᠡᠮ ᠤᠨ ᠪᠠᠲᠤᠯᠠᠭ᠎ᠠ ᠶᠢᠨ ᠺᠠᠷᠲ ᠨᠢ ᠺᠠᠷᠲ ᠡᠵᠡᠮᠰᠢᠭᠴᠢ ᠪᠣᠯᠤᠭᠰᠠᠨ ᠤ ᠬᠤᠪᠢ ᠳᠤ ᠨᠡᠶᠢᠭᠡᠮ ᠤᠨ ᠪᠠᠲᠤᠯᠠᠭ᠎ᠠ ᠪᠠ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠡᠷᠬᠡ ᠠᠰᠢᠭ ᠤᠨ ᠡᠯᠧᠺᠲᠷᠣᠨ ᠭᠡᠷᠡᠴᠢ ᠪᠠᠷᠢᠮᠲᠠ ᠶᠢ ᠡᠳ᠋ᠯᠡᠵᠦ᠂ ᠮᠡᠳᠡᠭᠡ ᠵᠠᠩᠭᠢ ᠶᠢᠨ ᠲᠡᠮᠳᠡᠭᠯᠡᠯ᠂ ᠮᠡᠳᠡᠭᠡ ᠵᠠᠩᠭᠢ ᠶᠢᠨ ᠯᠠᠪᠯᠠᠯᠭ᠎ᠠ᠂ ᠲᠤᠬᠠᠶᠢᠯᠠᠭᠰᠠᠨ ᠠᠵᠢᠯ ᠤᠨ ᠭᠦᠢᠴᠡᠳᠬᠡᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠨᠳᠦᠰᠦᠨ ᠴᠢᠳᠠᠮᠵᠢ ᠲᠠᠢ ᠪᠠᠶᠢᠬᠤ ᠶᠢᠨ ᠬᠠᠮᠲᠤ ᠪᠠᠩᠬᠢ ᠶᠢᠨ ᠺᠠᠷᠲ ᠪᠣᠯᠭᠠᠨ ᠬᠡᠷᠡᠭᠯᠡᠵᠦ ᠪᠣᠯᠬᠤ ᠪᠥᠭᠡᠳ ᠪᠡᠯᠡᠨ ᠵᠣᠭᠤᠰ ᠬᠠᠳᠠᠭᠠᠯᠠᠵᠤ ᠭᠠᠷᠭᠠᠬᠤ᠂ ᠳᠠᠩᠰᠠ ᠰᠢᠯᠵᠢᠭᠦᠯᠬᠦ᠂ ᠬᠡᠷᠡᠭᠯᠡᠭᠡ ᠬᠢᠬᠦ ᠵᠡᠷᠭᠡ ᠮᠥᠩᠭᠦᠨ ᠭᠦᠢᠯᠭᠡᠭᠡᠨ ᠤ ᠴᠢᠳᠠᠮᠵᠢ ᠲᠠᠢ᠃ ᠮᠥᠩᠭᠦᠨ ᠭᠦᠢᠯᠭᠡᠭᠡᠨ ᠤ ᠴᠢᠳᠠᠮᠵᠢ ᠲᠠᠢ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠮᠥᠩᠭᠦᠨ ᠭᠦᠢᠯᠭᠡᠭᠡᠨ ᠤ ᠬᠡᠷᠡᠭᠯᠡᠯᠲᠡ ᠨᠢ ᠠᠷᠠᠳ ᠤᠨ ᠵᠣᠭᠤᠰ ᠤᠨ ᠵᠢᠭᠡᠯᠡᠪᠦᠷᠢ ᠲᠡᠮᠳᠡᠭᠯᠡᠯ ᠤᠨ ᠬᠡᠷᠡᠭᠯᠡᠯᠲᠡ ᠪᠠᠶᠢᠵᠤ᠂ ᠵᠢᠭᠡᠯᠡᠯᠭᠡ ᠲᠡᠮᠳᠡᠭᠯᠡᠬᠦ ᠴᠢᠳᠠᠮᠵᠢ ᠶᠢ ᠲᠦᠷ ᠳᠡᠮᠵᠢᠬᠦ ᠦᠭᠡᠶ᠃ ᠴᠢᠫ ᠳᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠬᠡᠷᠡᠭᠯᠡᠯᠲᠡ ᠪᠠ ᠮᠥᠩᠭᠦᠨ ᠭᠦᠢᠯᠭᠡᠭᠡᠨ ᠤ ᠬᠡᠷᠡᠭᠯᠡᠯᠲᠡ ᠶᠢ ᠬᠠᠮᠲᠤ ᠳᠤᠨᠢ ᠪᠠᠭᠲᠠᠭᠠᠨ᠎ᠠ᠃       3. ︽ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠷᠬᠠᠭᠠᠬᠤ ᠬᠠᠮᠢᠶᠠᠷᠤᠯᠲᠠ ᠶᠢᠨ ᠶᠠᠪᠤᠴᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠥᠮᠦᠨ ᠨᠡᠶᠢᠭᠡᠮ ᠲᠢᠩᠬᠢᠮ ᠲᠠᠷᠬᠠᠭᠠᠭᠰᠠᠨ ﹇2014﹈ 20 ᠳ᠋ᠤᠭᠠᠷ ᠲᠣᠭᠠᠲᠤ︶ ᠤᠨ ᠪᠥᠬᠦ ᠠᠭᠤᠯᠭ᠎ᠠ᠃       4. ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠡᠷᠡᠭᠯᠡᠯᠲᠡ ᠶᠢ ᠲᠦᠷᠭᠡᠳᠬᠡᠨ ᠠᠬᠢᠭᠤᠯᠬᠤ ᠲᠤᠬᠠᠶ ᠰᠠᠨᠠᠯ︾ ︵ᠬᠥᠮᠦᠨ ᠨᠡᠶᠢᠭᠡᠮ ᠶᠠᠮᠤᠨ ᠲᠠᠷᠬᠠᠭᠠᠭᠰᠠᠨ ﹇2014﹈ 52 ᠳ᠋ᠤᠭᠠᠷ ᠲᠣᠭᠠᠲᠤ︶ ᠤᠨ ᠪᠥᠬᠦ ᠠᠭᠤᠯᠭ᠎ᠠ᠃       5. LD / T 3220 — 15 ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠵᠢᠷᠤᠮᠵᠢᠯ︾ ᠤᠨ ᠪᠥᠬᠦ ᠠᠭᠤᠯᠭ᠎ᠠ᠃       6. LD / T 3320 — 15 ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠤᠩᠰᠢᠨ ᠪᠢᠴᠢᠬᠦ ᠦᠵᠦᠭᠦᠷ ᠤᠨ ᠵᠢᠷᠤᠮᠵᠢᠯ︾ ᠤᠨ ᠪᠦᠬᠦ ᠠᠭᠤᠯᠭ᠎ᠠ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ᠄      ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ᠭᠦᠢᠴᠡᠳᠭᠡᠬᠦ ᠭᠠᠵᠠᠷ᠄       ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠠ ᠮᠢᠩ ᠵᠡᠭᠡᠯᠢ ᠶᠢᠨ 8 ᠳ᠋ᠤᠭᠠᠷ ᠨᠣᠮᠧᠷ᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠤᠪᠢᠶᠠᠷᠢ ᠲᠢᠩᠬᠢᠮ ᠤᠨ ᠬᠤᠶᠠᠳᠤᠭᠠᠷ ᠲᠢᠩᠬᠢᠮ ᠤᠨ ᠪᠠᠩᠬᠢ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠴᠣᠩᠬᠤᠷᠤᠭᠭᠦᠢᠴᠡᠳᠭᠡᠬᠦ ᠴᠠᠭ᠄       ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄       7 ᠳ᠋ᠤᠭᠠᠷ ᠵᠠᠮ᠂ 6 ᠳ᠋ᠤᠭᠠᠷ ᠵᠠᠮ ᠤᠨ ᠲᠡᠷᠭᠡᠨ ᠳᠤ ᠰᠠᠭᠤᠵᠤ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠥᠷᠲᠡᠭᠡ ᠳᠤ ᠪᠠᠭᠤᠵᠤ᠂ ᠬᠠᠰ ᠯᠤᠤ ᠶᠡᠭᠡ ᠵᠡᠭᠡᠯᠢ ᠶᠢ ᠳᠠᠭᠠᠵᠤ ᠵᠡᠭᠦᠨᠰᠢ 50 ᠮᠧᠲᠷ ᠶᠠᠪᠤᠭᠰᠠᠨ ᠤ ᠳᠠᠷᠠᠭ᠎ᠠ ᠵᠡᠭᠦᠨᠰᠢ ᠡᠷᠭᠢᠵᠦ 200 ᠮᠧᠲᠷ ᠶᠠᠪᠤᠵᠤ ᠳ᠋ᠠ ᠮᠢᠩ ᠵᠡᠭᠡᠯᠢ ᠳᠤ ᠣᠷᠣᠵᠤ᠂ ᠵᠡᠭᠦᠨᠰᠢ 50 ᠮᠧᠲᠷ ᠶᠠᠪᠤᠪᠠᠯ ᠬᠦᠷᠦᠨ᠎ᠡ︔ 35 ᠳ᠋ᠤᠭᠠᠷ ᠵᠠᠮ᠂ 21 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠵᠠᠰᠠᠭ ᠤᠨ ᠣᠷᠳᠣᠨ ᠤ ᠥᠷᠲᠡᠭᠡᠨ ᠳᠤ ᠪᠠᠭᠤᠵᠤ ᠴᠢᠤᠸᠠᠨ ᠨᠢᠩ ᠵᠡᠭᠡᠯᠢ ᠶᠢ ᠳᠠᠭᠠᠵᠤ ᠵᠡᠭᠦᠨᠰᠢ 340 ᠮᠧᠲᠷ ᠶᠠᠪᠤᠭᠰᠠᠨ ᠤ ᠳᠠᠷᠠᠭ᠎ᠠ ᠪᠠᠷᠠᠭᠤᠨᠰᠢ ᠡᠷᠭᠢᠵᠦ ᠵᠢᠨᠱᠠᠨ ᠵᠠᠮ ᠢᠶᠠᠷ 180 ᠮᠧᠲᠷ ᠶᠠᠪᠤᠵᠤ᠂ ᠵᠡᠭᠦᠨᠰᠢ ᠡᠷᠭᠢᠵᠦ ᠳ᠋ᠡ ᠮᠢᠩ ᠵᠡᠭᠡᠯᠢ ᠳᠤ ᠣᠷᠣᠵᠤ 260 ᠮᠧᠲᠷ ᠶᠠᠪᠤᠪᠠᠯ ᠬᠦᠷᠦᠨ᠎ᠡ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ