ᠲᠥᠪ ᠤᠨ ᠡᠳ᠋ ᠤᠨ ᠵᠠᠰᠠᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ 48 ᠳ᠋ᠦᠩᠰᠢᠭᠤᠷ ᠲᠥᠭᠦᠷᠢᠭ ᠲᠤ ᠬᠦᠷᠴᠡᠢ  ᠢᠷᠡᠬᠦ ᠵᠢᠯ ᠤᠨ ᠡᠴᠦᠰ ᠢᠶᠠᠷ ᠮᠠᠨ ᠤ ᠣᠷᠣᠨ ᠤ ᠳᠥᠷᠪᠡᠨ ᠬᠤᠲᠠ ᠶᠢᠨ ᠲᠥᠪ ᠬᠤᠲᠠ ᠲᠣᠭᠤᠷᠢᠭ ᠪᠠ ᠰᠢᠶᠠᠨ ᠤ ᠬᠤᠲᠠ ᠳᠤ 100% ᠪᠠᠷ ᠴᠡᠪᠡᠷ ᠳᠤᠯᠠᠭᠠᠯᠠᠭ᠎ᠠ ᠬᠠᠩᠭᠠᠬᠤ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2023/11/6
      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠤ ᠡᠳ᠋ ᠤᠨ ᠵᠠᠰᠠᠭ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠢᠳᠡᠪᠬᠢᠲᠡᠢ ᠪᠠᠷ ᠣᠯᠬᠤ ᠪᠠ ᠥᠪᠥᠷ ᠮᠣᠩᠭᠤᠯ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠲᠣᠬᠢᠷᠠᠭᠤᠯᠬᠤ ᠪᠠᠷ ᠳᠠᠮᠵᠢᠭᠤᠯᠤᠨ ᠪᠥᠬᠦ ᠣᠷᠣᠨ ᠤ ᠴᠡᠪᠡᠷ ᠳᠤᠯᠠᠭᠠᠯᠠᠭ᠎ᠠ ᠶᠢᠨ ᠲᠥᠰᠥᠯ ᠤᠨ ᠬᠡᠷᠡᠭᠵᠢᠭᠦᠯᠦᠯᠲᠡ ᠶᠢ ᠶᠡᠭᠡ ᠪᠠᠷ ᠳᠡᠮᠵᠢᠵᠦ ᠪᠠᠶᠢᠨ᠎ᠠ᠃ 2024 ᠣᠨ ᠤ ᠵᠢᠯ ᠤᠨ ᠡᠴᠦᠰ ᠪᠣᠯᠬᠤ ᠳᠤ᠂ ᠪᠤᠭᠤᠲᠤ ᠬᠤᠲᠠ᠂ ᠬᠥᠬᠡᠬᠤᠲᠠ᠂ ᠪᠠᠶᠠᠨᠨᠠᠭᠤᠷ ᠬᠤᠲᠠ᠂ ᠤᠯᠠᠭᠠᠨᠴᠠᠪ ᠬᠤᠲᠠ ᠶᠢᠨ ᠲᠥᠪ ᠬᠤᠲᠠ ᠲᠣᠭᠤᠷᠢᠭ᠂ ᠰᠢᠶᠠᠨ ᠤ ᠬᠤᠲᠠ ᠳᠤ 100% ᠪᠠᠷ ᠴᠡᠪᠡᠷ ᠳᠤᠯᠠᠭᠠᠯᠠᠭ᠎ᠠ ᠬᠠᠩᠭᠠᠬᠤ ᠶᠢ ᠪᠡᠶᠡᠯᠡᠭᠦᠯᠬᠦ ᠪᠠᠷ ᠪᠤᠢ᠃       2021 ᠠᠴᠠ 2022 ᠣᠨ ᠳᠤ᠂ ᠪᠤᠭᠤᠲᠤ ᠬᠤᠲᠠ᠂ ᠬᠥᠬᠡᠬᠤᠲᠠ᠂ ᠪᠠᠶᠠᠨᠨᠠᠭᠤᠷ ᠬᠤᠲᠠ᠂ ᠤᠯᠠᠭᠠᠨᠴᠠᠪ ᠬᠤᠲᠠ ᠲᠥᠪ ᠤᠨ ᠡᠳ᠋ ᠤᠨ ᠵᠠᠰᠠᠭ ᠠᠴᠠ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠭ᠎ᠠ ᠶᠢ ᠳᠡᠮᠵᠢᠬᠦ ᠬᠤᠲᠠ ᠳᠤ ᠰᠣᠩᠭᠤᠭᠳᠠᠨ ᠣᠷᠣᠭᠰᠠᠨ ᠪᠥᠭᠡᠳ ᠳᠥᠷᠪᠡᠨ ᠬᠤᠲᠠ ᠨᠡᠶᠢᠲᠡ 48 ᠳ᠋ᠦᠩᠰᠢᠭᠤᠷ ᠲᠥᠭᠦᠷᠢᠭ ᠤᠨ ᠲᠥᠪ ᠤᠨ ᠡᠳ᠋ ᠤᠨ ᠵᠠᠰᠠᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠭᠥᠷᠳᠡᠵᠦ᠂ ᠣᠲᠣ ᠨᠢᠭᠡᠨᠲᠡ 28 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠪᠠ᠃ 2022 ᠣᠨ ᠠᠴᠠ ᠡᠬᠢᠯᠡᠨ᠂ ᠮᠠᠨ ᠤ ᠣᠷᠣᠨ ᠴᠡᠪᠡᠷ ᠳᠤᠯᠠᠭᠠᠯᠠᠭ᠎ᠠ ᠶᠢᠨ ᠲᠤᠰᠬᠠᠢ ᠪᠡᠯᠡ ᠮᠥᠩᠭᠦ ᠭᠠᠷᠭᠠᠵᠤ᠂ ᠵᠢᠯ ᠪᠦᠷᠢ 1.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ᠂ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠭᠠᠵᠠᠷ ᠣᠷᠣᠨ ᠤ ᠬᠠᠮᠢᠶ᠎ᠠ ᠪᠦᠬᠦᠢ ᠲᠥᠰᠥᠯ ᠢᠶᠠᠨ ᠬᠡᠷᠡᠭᠵᠢᠭᠦᠯᠬᠦ ᠳᠤ ᠨᠢ ᠡᠯᠪᠡᠨ ᠳᠡᠮᠵᠢᠵᠦ᠂ ᠡᠨᠧᠷᠭᠢ ᠶᠢᠨ ᠬᠤᠷᠣᠭᠳᠠᠯ ᠢ ᠦᠨᠡᠨ ᠬᠦ ᠪᠠᠭᠠᠰᠬᠠᠵᠠᠢ᠃ ᠳᠡᠭᠡᠷ᠎ᠡ ᠳᠤᠷᠠᠳᠤᠭᠰᠠᠨ ᠳᠥᠷᠪᠡᠨ ᠬᠤᠲᠠ ᠴᠡᠪᠡᠷ ᠳᠤᠯᠠᠭᠠᠯᠠᠭ᠎ᠠ ᠶᠢᠨ 279 ᠲᠥᠰᠥᠯ ᠢ ᠬᠡᠷᠡᠭᠵᠢᠭᠦᠯᠬᠦ ᠪᠠᠷ ᠳᠠᠮᠵᠢᠨ᠂ ᠲᠥᠪ ᠬᠤᠲᠠ ᠲᠣᠭᠤᠷᠢᠭ᠂ ᠰᠢᠶᠠᠨ ᠤ ᠬᠤᠲᠠ ᠶᠢᠨ ᠴᠡᠪᠡᠷ ᠳᠤᠯᠠᠭᠠᠯᠠᠭ᠎ᠠ ᠶᠢᠨ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠭᠰᠡᠷ ᠪᠠᠶᠢᠨ᠎ᠠ᠃ ᠡᠭᠦᠨ ᠤ ᠬᠠᠮᠲᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠰ ᠪᠦᠷᠢ ᠡᠨᠡ ᠵᠢᠯ ᠤᠨ 2᠂ 4᠂ 9᠂ 10 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠳᠤᠭᠤᠶᠢᠯᠠᠩ ᠪᠠᠶᠢᠭᠤᠯᠤᠭᠠᠳ ᠪᠤᠭᠤᠲᠤ ᠬᠤᠳᠠ᠂ ᠬᠥᠬᠡᠬᠤᠲᠠ᠂ ᠪᠠᠶᠠᠨᠨᠠᠭᠤᠷ ᠬᠤᠳᠠ᠂ ᠤᠯᠠᠭᠠᠨᠴᠠᠪ ᠬᠤᠳᠠ ᠶᠢᠨ ᠬᠠᠮᠢᠶ᠎ᠠ ᠪᠦᠬᠦᠢ ᠲᠥᠰᠥᠯ ᠤᠨ ᠬᠡᠷᠡᠭᠵᠢᠭᠦᠯᠦᠯᠲᠡ ᠵᠢᠴᠢ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠪᠠᠶᠢᠳᠠᠯ ᠤᠳ ᠲᠤ ᠬᠢᠨᠠᠯᠲᠠ ᠲᠠᠯᠪᠢᠨ ᠪᠠᠶᠢᠴᠠᠭᠠᠬᠤ ᠶᠢᠨ ᠵᠡᠷᠭᠡ ᠪᠠᠷ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠪᠠᠳᠠᠷᠠᠭᠤᠯᠵᠠᠢ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ