| ︽ᠥᠩᠭᠡᠷᠡᠭᠰᠡᠨ ᠳᠤ ᠡᠮ ᠤᠨ ᠵᠦᠢᠯ ᠡᠵᠡᠩᠨᠡᠨ ᠬᠤᠳᠠᠯᠳᠤᠭᠠᠯᠠᠬᠤ ᠵᠥᠪᠰᠢᠶᠡᠷᠡᠯ᠂ ᠡᠮᠴᠢᠯᠡᠭᠡᠨ ᠤ ᠪᠠᠭᠠᠵᠢ ᠡᠵᠡᠩᠨᠡᠨ ᠬᠤᠳᠠᠯᠳᠤᠭᠠᠯᠠᠬᠤ ᠵᠥᠪᠰᠢᠶᠡᠷᠡᠯ ᠢ | ᠠᠪᠬᠤ ᠳᠤ ᠭᠤᠶᠤᠴᠢᠯᠠᠭᠴᠢ ᠡᠷᠬᠡᠪᠰᠢ ᠲᠤᠬᠠᠢ ᠶᠢᠨ ᠭᠠᠵᠠᠷ ᠲᠤ ᠨᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ ᠪᠠᠶᠢᠭᠰᠠᠨ ᠪᠣᠯ ᠣᠳᠣ ᠥᠪᠡᠷ ᠢᠶᠠᠨ | ᠺᠣᠮᠫᠢᠦ᠋ᠲ᠋ᠧᠷ ᠢᠶᠠᠷ ᠬᠢᠵᠦ ᠴᠢᠳᠠᠬᠤ ᠪᠣᠯᠤᠭᠰᠠᠨ ᠪᠥᠭᠡᠳ ᠬᠡᠷᠡᠭᠰᠡᠬᠦ ᠮᠠᠲ᠋ᠧᠷᠢᠶᠠᠯ ᠨᠢ ᠴᠤ ᠪᠠᠭᠠᠰᠪᠠ᠂ ᠦᠨᠡᠬᠡᠷ ᠳᠥᠭᠦᠮ ᠪᠣᠯᠵᠠᠢ︾ ᠭᠡᠵᠦ ᠬᠥᠬᠡᠬᠤᠲᠠ ᠶᠢᠨ ᠰᠢᠨ᠎ᠡ | ᠬᠤᠲᠠ ᠲᠣᠭᠤᠷᠢᠭ ᠲᠤ ᠰᠠᠭᠤᠭ᠎ᠠ ᠭᠦᠩ ᠰᠢᠶᠣᠣ ᠹᠧᠩ ᠰᠠᠶ᠋ᠢᠬᠠᠨ ᠣᠯᠣᠭᠰᠠᠨ ᠡᠮ ᠤᠨ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢᠶᠠᠨ | ᠠᠳᠬᠤᠵᠤ ᠰᠡᠳᠬᠢᠯ ᠳᠣᠭᠳᠣᠯᠤᠨ ᠶᠠᠷᠢᠪᠠ᠃ | ᠣᠶᠢᠯᠠᠭᠠᠭᠰᠠᠨ ᠢᠶᠠᠷ᠂ ᠡᠨᠡ ᠵᠢᠯ ᠡᠬᠢᠯᠡᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠶᠢ ᠪᠥᠬᠦ ᠲᠠᠯ᠎ᠠ ᠪᠠᠷ ᠠᠬᠢᠭᠤᠯᠪᠠ᠃ ᠰᠦᠯᠵᠢᠶᠡᠨ ᠳᠤ ᠭᠦᠢᠴᠡᠳᠬᠡᠬᠦ᠂ ᠳ᠋ᠠᠶᠢᠲ᠋ᠠ | ᠬᠤᠪᠢᠶᠠᠯᠴᠠᠵᠤ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠨᠠᠩ ᠣᠯᠠᠨ ᠡᠮ ᠤᠨ ᠵᠦᠢᠯ ᠤᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ︽ᠨᠢᠭᠡ ᠯᠡ ᠤᠳᠠᠭ᠎ᠠ ᠣᠴᠢᠬᠤ︾ ᠪᠤᠶᠤ ︽ᠨᠢᠭᠡ ᠤᠳᠠᠭ᠎ᠠ ᠴᠤ ᠣᠴᠢᠬᠤ ᠦᠭᠡᠢ ᠪᠠᠷ ᠭᠦᠢᠴᠡᠳᠬᠡᠬᠦ︾ ᠶᠢ ᠠᠬᠢᠭᠤᠯᠪᠠ᠃ ᠣᠳᠣᠬᠠᠨ ᠳᠤ᠂ ᠪᠥᠬᠦ | ᠣᠷᠣᠨ ᠤ ᠡᠮ ᠤᠨ ᠵᠦᠢᠯ ᠤᠨ ᠬᠦᠷᠢᠶᠡᠨ ᠳᠠᠬᠢ 98 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠥᠮ ︽ᠦᠨᠡᠮᠯᠡᠯ ᠦᠭᠡᠢ ᠪᠠᠷ ᠭᠦᠢᠴᠡᠳᠬᠡᠬᠦ︾ ᠶᠢ | ᠪᠡᠶᠡᠯᠡᠭᠦᠯᠪᠡ᠃ | 4 ᠳ᠋ᠦ᠋ᠭᠡᠷ ᠰᠠᠷ᠎ᠠ ᠶᠢᠨ 28 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠲᠣᠰ ᠱᠠᠲᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾ ᠢ ᠲᠠᠰ ᠳᠡᠪᠰᠢᠭᠦᠯᠦᠨ ᠥᠭᠡᠷᠡᠴᠢᠯᠡᠵᠦ᠂ 5 ᠳ᠋ᠤᠭᠠᠷ ᠰᠠᠷ᠎ᠠ ᠶᠢᠨ | 10 ᠤ ᠡᠳᠦᠷ ᠡᠯᠧᠺᠲᠷᠣᠨ ᠦᠨᠡᠮᠯᠡᠯ ᠢ ᠬᠤᠪᠢᠶᠠᠯᠴᠠᠨ ᠬᠡᠷᠡᠭᠯᠡᠬᠦ ᠶᠢ ᠪᠡᠶᠡᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠦᠨᠡᠮᠯᠡᠯ ᠦᠭᠡᠢ ᠪᠠᠷ | ᠭᠦᠢᠴᠡᠳᠬᠡᠬᠦ︾ ᠳᠤ ᠮᠡᠷᠭᠡᠵᠢᠯ ᠤᠨ ᠲᠤᠰᠠᠯᠠᠮᠵᠢ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠮ ᠤᠨ ᠵᠦᠢᠯ ᠤᠨ ᠬᠦᠷᠢᠶᠡᠨ ᠳᠠᠬᠢ 78 | ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠦᠨᠡᠮᠯᠡᠯ ᠦᠭᠡᠢ ᠪᠠᠷ ᠭᠦᠢᠴᠡᠳᠬᠡᠬᠦ︾ ᠶᠢ ᠪᠡᠶᠡᠯᠡᠭᠦᠯᠪᠡ᠃ | 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ | ᠠᠶᠢᠮᠠᠭ ᠬᠤᠲᠠ ᠶᠢᠨ ᠡᠮ ᠤᠨ ᠵᠦᠢᠯ ᠤᠨ ᠬᠦᠷᠢᠶᠡᠨ ᠳᠠᠬᠢ ᠨᠢᠭᠡᠳᠦᠯᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠠᠰ ᠳᠡᠪᠰᠢᠭᠦᠯᠦᠨ | ᠥᠭᠡᠷᠡᠴᠢᠯᠡᠵᠦ᠂ ︽ᠦᠨᠡᠮᠯᠡᠯ ᠦᠭᠡᠢ ᠪᠠᠷ ᠭᠦᠢᠴᠡᠳᠬᠡᠬᠦ︾ ᠦᠢᠯᠡᠴᠢᠯᠡᠭᠡ ᠶᠢ ᠨᠡᠭᠡᠭᠡᠨ ᠬᠥᠭᠵᠢᠭᠦᠯᠬᠦ᠂ ᠨᠢᠭᠡ ᠦᠨᠡᠮᠯᠡᠯ ᠨᠢᠭᠡ ᠬᠤᠯᠪᠣᠭᠠᠰᠤ ᠶᠢᠨ ᠣᠷᠣᠮ ᠦᠯᠡᠳᠡᠭᠡᠬᠦ | ᠴᠢᠳᠠᠮᠵᠢ ᠶᠢᠨ ᠦᠢᠯᠡᠴᠢᠯᠡᠭᠡ᠂ ᠪᠠᠭᠤᠯᠭᠠᠭᠰᠠᠨ ᠬᠠᠮᠢᠶ᠎ᠠ ᠪᠦᠬᠦᠢ ᠦᠨᠡᠮᠯᠡᠯ ᠪᠠ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠶᠠᠪᠤᠴᠠ ᠳᠤ ᠰᠢᠯᠵᠢᠭᠦᠯᠦᠨ ᠠᠪᠬᠤ | ᠦᠢᠯᠡᠴᠢᠯᠡᠭᠡ ᠵᠡᠷᠭᠡ ᠶᠢ ᠨᠡᠮᠡᠵᠦ᠂ ᠠᠶᠢᠮᠠᠭ ᠬᠤᠲᠠ ᠶᠢᠨ ᠡᠮ ᠤᠨ ᠵᠦᠢᠯ ᠤᠨ ᠬᠦᠷᠢᠶᠡᠨ ᠳᠠᠬᠢ 20 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠲᠤ ︽ᠦᠨᠡᠮᠯᠡᠯ ᠦᠭᠡᠢ ᠪᠠᠷ ᠭᠦᠢᠴᠡᠳᠬᠡᠬᠦ︾ ᠶᠢ ᠪᠡᠶᠡᠯᠡᠭᠦᠯᠪᠡ᠃ | ᠬᠤᠶᠢᠰᠢᠳᠠ ᠪᠦᠬᠦ ᠣᠷᠣᠨ ᠤ ᠡᠮ ᠤᠨ ᠵᠦᠢᠯ ᠤᠨ ᠬᠦᠷᠢᠶᠡᠨ ᠳᠠᠬᠢ 98 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠠᠴᠠ ᠣᠲᠣ ᠶᠢᠨ ᠪᠠᠶᠢᠭ᠎ᠠ | ᠵᠠᠰᠠᠭ ᠤᠨ ᠶᠠᠪᠤᠳᠠᠯ ᠤᠨ ᠬᠤᠪᠢᠶᠠᠯᠴᠠᠯ ᠢᠶᠠᠷ ᠮᠡᠳᠡᠭᠡ ᠶᠢ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ ᠪᠣᠯᠬᠤ ᠶᠢ ᠨᠢ ᠭᠤᠶᠤᠴᠢᠯᠠᠭᠴᠢ ᠴᠥᠮ ᠰᠦᠯᠵᠢᠶᠡᠨ | ᠳᠡᠭᠡᠷᠡᠬᠢ ︽ᠡᠯᠧᠺᠲᠷᠣᠨ ᠦᠨᠡᠮᠯᠡᠯ ᠤᠨ ᠵᠥᠪᠰᠢᠶᠡᠷᠡᠯ︾ ᠢᠶᠠᠷ ᠬᠠᠮᠢᠶ᠎ᠠ ᠪᠦᠬᠦᠢ ᠮᠠᠲ᠋ᠧᠷᠢᠶᠠᠯ ᠢ ᠲᠤᠰᠢᠶᠠᠬᠤ ᠠᠴᠠ ᠬᠡᠯᠲᠦᠷᠢᠭᠦᠯᠵᠦ ᠪᠣᠯᠣᠨ᠎ᠠ᠂ ᠠᠵᠢᠯᠲᠠᠨ | ᠭᠤᠶᠤᠴᠢᠯᠠᠭᠴᠢ ᠶᠢᠨ ᠵᠥᠪᠰᠢᠶᠡᠷᠡᠯ ᠢᠶᠠᠷ ᠬᠠᠮᠢᠶ᠎ᠠ ᠪᠦᠬᠦᠢ ᠡᠯᠧᠺᠲᠷᠣᠨ ᠦᠨᠡᠮᠯᠡᠯ ᠤᠨ ᠮᠡᠳᠡᠭᠡ ᠶᠢ ᠣᠯᠵᠤ᠂ ᠪᠣᠳᠠᠲᠠᠢ ᠭᠡᠷᠡᠴᠢᠯᠡᠯ ᠤᠨ ᠮᠠᠲ᠋ᠧᠷᠢᠶᠠᠯ ᠢ ᠣᠷᠣᠯᠠᠭᠤᠯᠵᠤ | ᠪᠣᠯᠣᠨ᠎ᠠ᠃ ᠡᠨᠡ ᠨᠢ ᠣᠯᠠᠨ ᠲᠦᠮᠡᠨ ᠳᠤ ᠲᠥᠬᠦᠮ ᠦᠵᠡᠭᠦᠯᠦᠨ᠂ ᠠᠵᠢᠯ ᠶᠠᠪᠤᠳᠠᠯ ᠭᠦᠢᠴᠡᠳᠬᠡᠬᠦ ᠪᠦᠲᠦᠮᠵᠢ ᠶᠢ ᠳᠡᠭᠡᠭᠰᠢᠯᠡᠭᠦᠯᠪᠡ᠃ | | | |