| 11 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ 2023 ᠣᠨ ᠤ | ᠬᠤᠲᠠ ᠶᠢᠨ ᠵᠠᠰᠠᠭ ᠤᠨ ᠣᠷᠳᠣᠨ ᠤ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠤᠯᠠᠭᠠᠨᠬᠠᠳᠠ ᠶᠢᠨ | ᠰᠠᠶᠢᠨ ᠪᠣᠳᠠᠰ ᠢ ᠪᠡᠭᠡᠵᠢᠩ ᠳᠤ ᠣᠷᠣᠭᠤᠯᠬᠤ︾ ᠠᠵᠢᠯᠯᠠᠭᠠᠨ ᠤ ᠪᠡᠯᠡᠳᠬᠡᠯ ᠠᠵᠢᠯ᠂ ᠹᠦ᠋ ᠯᠦᠩ ᠢᠯᠴᠢ ᠶᠢᠨ ᠬᠦᠴᠦᠨ ᠤ ᠺᠣᠮᠫᠠᠨᠢ ᠶᠢᠨ ᠵᠠᠬ᠎ᠠ ᠳᠡᠯᠭᠡᠭᠦᠷ ᠲᠤ | ᠭᠠᠷᠬᠤ᠂ ᠤᠯᠠᠭᠠᠨᠬᠠᠳᠠ ᠶᠢᠨ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠥᠪ ᠤᠨ ᠴᠢᠳᠠᠮᠵᠢ ᠶᠢᠨ ᠲᠥᠰᠦᠯ ᠢ ᠰᠢᠯᠢᠳᠡᠭᠵᠢᠭᠦᠯᠬᠦ | ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ︔ 2023 ᠣᠨ ᠤ ᠪᠥᠬᠦ ᠬᠤᠲᠠ ᠶᠢᠨ ᠬᠤᠤᠷ ᠴᠠᠭᠠᠵᠠᠯᠠᠬᠤ ᠠᠵᠢᠯ᠂ ᠪᠥᠬᠦ ᠬᠤᠲᠠ ᠶᠢᠨ ᠨᠠᠰᠤᠨ ᠳᠤ ᠥᠯᠥ | ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠤᠯᠠᠭᠠᠨᠬᠠᠳᠠ | ᠬᠤᠲᠠ ᠶᠢᠨ ᠪᠥᠬᠦ ᠨᠡᠶᠢᠭᠡᠮ ᠤᠨ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠦᠯ︾ ︽ᠤᠯᠠᠭᠠᠨᠬᠠᠳᠠ ᠬᠤᠲᠠ ᠶᠢᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ | ᠴᠠᠭᠠᠵᠠᠯᠠᠬᠤ ᠲᠤᠬᠠᠶ ᠲᠣᠭᠲᠠᠭᠠᠯ︾ ︽ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠠᠵᠤ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵2022 — 2035︶︾ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ︽ᠤᠯᠠᠭᠠᠨᠬᠠᠳᠠ ᠶᠢᠨ ᠰᠠᠶᠢᠨ ᠪᠣᠳᠠᠰ ᠢ ᠪᠡᠭᠡᠵᠢᠩ ᠳᠤ ᠣᠷᠣᠭᠤᠯᠬᠤ︾ | ᠡᠯ᠎ᠡ ᠵᠦᠢᠯ ᠤᠨ ᠪᠡᠯᠡᠳᠬᠡᠯ ᠠᠵᠢᠯ ᠢ ᠨᠢᠮᠪᠠᠢ ᠨᠠᠷᠢᠯᠢᠭ ᠰᠠᠶᠢᠲᠤᠷ ᠬᠢᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠵᠢᠯᠯᠠᠭ᠎ᠠ ᠪᠠᠷ ᠮᠠᠨ ᠤ ᠬᠤᠳᠠ ᠶᠢᠨ ᠴᠢᠨᠠᠷ | ᠰᠠᠶᠢᠲᠠᠢ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠡᠭᠡᠵᠢᠩ ᠤᠨ ᠵᠠᠬ᠎ᠠ ᠳᠡᠯᠭᠡᠭᠦᠷ ᠤᠨ ᠠᠯᠳᠠᠷᠰᠢᠯ ᠪᠣᠯᠤᠨ ᠡᠵᠡᠯᠡᠬᠦ | ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠹᠦ᠋ ᠯᠦᠩ ᠢᠯᠴᠢ ᠶᠢᠨ ᠬᠦᠴᠦᠨ ᠤ ᠺᠣᠮᠫᠠᠨᠢ ᠶᠢᠨ ᠵᠠᠬ᠎ᠠ ᠳᠡᠯᠭᠡᠭᠦᠷ ᠲᠤ ᠭᠠᠷᠬᠤ ᠠᠵᠢᠯ ᠢ ᠢᠳᠡᠪᠬᠢᠲᠡᠢ ᠠᠬᠢᠭᠤᠯᠤᠨ᠂ | ᠪᠡᠯᠡ ᠬᠤᠷᠠᠮᠳᠤᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠲᠠᠪᠠᠯᠳᠠᠳᠤ | ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠤᠯᠠᠭᠠᠨᠬᠠᠳᠠ ᠶᠢᠨ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠥᠪ ᠤᠨ ᠴᠢᠳᠠᠮᠵᠢ ᠶᠢᠨ | ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠳᠡᠰ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠳᠣᠬᠠᠨ ᠤ | ᠰᠣᠶᠣᠯ ᠵᠢᠭᠤᠯᠴᠢᠯᠠᠯ ᠤᠨ ᠠᠵᠤ ᠦᠢᠯᠡᠰ ᠪᠣᠯᠤᠨ ᠪᠠᠭᠤᠳᠠᠯ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠬᠡᠷᠡᠭᠲᠡᠢ᠃ ︽ᠨᠠᠮ ᠤᠨ | ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ︾ | ᠬᠤᠤᠷ ᠴᠠᠭᠠᠵᠠᠯᠠᠬᠤ ᠠᠵᠢᠯ ᠤᠨ ᠪᠠᠶᠢᠷᠢᠰᠢᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠤᠷᠲᠤ ᠡᠳ᠋ ᠤᠨ ᠶᠠᠯᠠᠲᠤ ᠡᠲᠡᠭᠡᠳ ᠢ ᠪᠠᠷᠢᠪᠴᠢᠯᠠᠬᠤ ᠬᠠᠤᠯᠢ | ᠬᠡᠷᠡᠭᠵᠢᠭᠦᠯᠦᠯᠲᠡ᠂ ᠤᠷᠢᠳᠴᠢᠯᠠᠨ ᠰᠡᠷᠭᠡᠶᠢᠯᠡᠬᠦ ᠬᠥᠮᠦᠵᠢᠯ ᠵᠡᠷᠭᠡ ᠭᠤᠤᠯᠳᠠᠯᠭ᠎ᠠ ᠲᠠᠢ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠠᠮᠤᠷ ᠲᠦᠪᠰᠢᠨ ᠪᠥᠭᠡᠳ | ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠦᠨᠡᠨᠬᠦ ᠪᠣᠶ ᠪᠣᠯᠭᠠᠬᠤ ᠬᠡᠷᠡᠭᠲᠡᠶ᠃ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ | ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠡᠯ᠎ᠡ ᠵᠦᠢᠯ ᠤᠨ | ᠠᠵᠢᠯ ᠤᠨ ᠭᠦᠨᠵᠡᠭᠡᠶᠢᠷᠡᠨ ᠬᠥᠭᠵᠢᠬᠦ ᠶᠢ ᠣᠷᠳᠣ ᠬᠤᠭᠤᠴᠠᠭ᠎ᠠ ᠪᠠᠷ ᠪᠦᠲᠦᠮᠵᠢᠲᠡᠶ ᠠᠬᠢᠭᠤᠯᠬᠤ ᠬᠡᠷᠡᠭᠲᠡᠶ᠃ ︽ᠤᠯᠠᠭᠠᠨᠬᠠᠳᠠ ᠬᠤᠲᠠ ᠶᠢᠨ ᠪᠥᠬᠦ ᠨᠡᠶᠢᠭᠡᠮ ᠤᠨ | ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠦᠯ︾᠂ ︽ᠤᠯᠠᠭᠠᠨᠬᠠᠳᠠ ᠬᠤᠲᠠ ᠶᠢᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠬᠤ ᠲᠤᠬᠠᠶ | ᠲᠣᠭᠲᠠᠭᠠᠯ︾᠂ ︽ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ︵2022 — 2035︶︾ ᠳᠤ ᠠᠯᠢ ᠲᠦᠷᠭᠡᠨ ᠢᠶᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠥᠰᠦᠯ᠂ | ᠲᠣᠭᠲᠠᠭᠠᠯ ᠪᠠ ᠲᠥᠯᠥᠪᠵᠢᠭᠦᠯᠭᠡ ᠶᠢ ᠲᠣᠭᠲᠠᠭᠠᠬᠤ ᠪᠠ ᠨᠡᠶᠢᠲᠡᠯᠡᠵᠦ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠴᠢᠩᠭᠠᠳᠬᠠᠨ᠂ ᠬᠡᠭᠡᠷ᠎ᠡ | ᠭᠠᠳᠠᠨ᠎ᠠ ᠭᠠᠯ ᠬᠡᠷᠡᠭᠯᠡᠬᠦ ᠶᠢ ᠵᠠᠰᠠᠬᠤ ᠠᠵᠢᠯᠯᠠᠭᠠᠨ ᠢ ᠵᠢᠷᠤᠮᠵᠢᠭᠤᠯᠵᠤ᠂ ᠮᠠᠨ ᠤ ᠬᠤᠲᠠ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | ᠬᠤᠷᠠᠯ ᠠᠴᠠ ᠡᠮᠦᠨ᠎ᠡ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︿ᠭᠤᠷᠪᠠᠨ ᠵᠦᠢᠯ ᠤᠨ ᠲᠦᠷᠢᠮ﹀︾ ᠢ ᠰᠤᠷᠤᠯᠴᠠᠪᠠ᠃ | ᠬᠤᠲᠠ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ᠂ ᠰᠦᠨ ᠬᠠᠶ ᠲᠤᠤ᠂ ᠶᠠᠩ ᠮᠥ᠂ ᠹᠦ᠋ ᠱᠸᠦ ᠯᠢ᠂ ᠬᠤᠲᠠ ᠶᠢᠨ ᠵᠠᠰᠠᠭ ᠤᠨ ᠣᠷᠳᠣᠨ ᠤ ᠨᠠᠷᠢᠨ | ᠪᠢᠴᠢᠭ ᠤᠨ ᠳᠠᠷᠤᠭ᠎ᠠ ᠰᠢᠤᠢ ᠯᠢ ᠵᠢᠶᠦ᠋ᠨ ᠬᠤᠷᠠᠯ ᠳᠤ ᠣᠷᠣᠯᠴᠠᠪᠠ᠃ | | | |