| | ᠦᠨᠳᠦᠰᠦᠨ ᠮᠡᠳᠡᠭᠡ ᠵᠠᠩᠬᠢ | | | | ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠄ | ᠭᠠᠯ ᠰᠡᠷᠭᠡᠶᠢᠯᠡᠵᠦ ᠤᠨᠲᠠᠷᠠᠭᠠᠬᠤ ᠬᠢᠨᠠᠯᠲᠠ ᠪᠠᠶᠢᠴᠠᠭᠠᠯᠲᠠ ᠶᠢᠨ ᠲᠣᠭᠲᠠᠭᠠᠯ ᠤᠨ ᠨᠠᠢᠮᠠᠳᠤᠭᠠᠷ ᠵᠣᠷᠪᠤᠰ ᠶᠣᠰᠤᠭᠠᠷ ᠮᠡᠳᠡᠭᠦᠯᠦᠭᠰᠡᠨ ᠮᠠᠲ᠋ᠧᠷᠢᠶᠠᠯ ᠢ | ᠪᠠᠶᠢᠴᠠᠭᠠᠵᠤ᠂ ᠮᠠᠲ᠋ᠧᠷᠢᠶᠠᠯ ᠢ ᠨᠢ ᠪᠦᠷᠢᠨ ᠭᠦᠢᠴᠡᠳ ᠪᠣᠯ ᠬᠦᠯᠢᠶᠡᠨ ᠠᠪᠴᠤ ᠰᠢᠢᠳᠪᠦᠷᠢᠯᠡᠨ᠎ᠡ᠃ | | | ᠲᠣᠭᠳᠠᠭᠠᠭᠰᠠᠨ ᠦᠨᠳᠦᠰᠦᠯᠡᠯ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ︾ ︵2008 ᠣᠨ ᠤ 10 ᠰᠠᠷ᠎ᠠ ᠶᠢᠨ 28 ᠤ | ᠡᠳᠦᠷ ᠤᠨ ᠲᠡᠷᠢᠭᠦᠯᠡᠭᠴᠢ ᠶᠢᠨ ᠵᠠᠷᠯᠢᠭ ᠵᠢᠷᠭᠤᠳᠤᠭᠠᠷ ᠲᠣᠭᠠᠲᠤ︶ ᠶᠢᠨ ᠠᠷᠪᠠᠨ ᠲᠠᠪᠤᠳᠤᠭᠠᠷ ᠵᠣᠷᠪᠤᠰ᠃ | | | ᠨᠥᠬᠦᠪᠥᠷᠢᠯᠡᠨ ᠲᠣᠭᠲᠠᠭᠠᠭᠰᠠᠨ ᠦᠨᠳᠦᠰᠦᠯᠡᠯ | ᠬᠠᠤᠯᠢ ᠴᠠᠭᠠᠵᠠ᠄ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ︾ ︵1998 ᠣᠨ ᠤ 4 | ᠰᠠᠷ᠎ᠠ ᠶᠢᠨ 29 ᠤ ᠡᠳᠦᠷ ᠤᠨ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠤᠶᠠᠳᠤᠭᠠᠷ ᠬᠤᠷᠠᠯᠳᠤᠭᠠᠨ ᠠᠴᠠ ᠪᠠᠲᠤᠯᠠᠪᠠ᠂ 2021 ᠣᠨ ᠳᠤ ᠬᠤᠶᠠᠳᠠᠬᠢ ᠤᠳᠠᠭ᠎ᠠ ᠵᠠᠰᠠᠪᠠ︶᠃ | ᠠᠷᠪᠠᠨ ᠲᠠᠪᠤᠳᠤᠭᠠᠷ ᠵᠣᠷᠪᠤᠰ ᠣᠯᠠᠨ ᠨᠡᠶᠢᠲᠡ ᠶᠢᠨ ᠴᠤᠭᠯᠠᠷᠠᠬᠤ ᠲᠠᠯᠠᠪᠤᠷ ᠭᠠᠵᠠᠷ ᠢ ᠠᠰᠢᠭᠯᠠᠯᠲᠠ ᠳᠤ ᠣᠷᠣᠭᠤᠯᠬᠤ᠂ ᠡᠵᠡᠩᠨᠡᠬᠦ ᠠᠴᠠ ᠡᠮᠦᠨ᠎ᠡ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠳᠤ ᠮᠡᠳᠡᠭᠳᠡᠬᠦ ᠠᠮᠠᠯᠠᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠤᠯᠠᠨ ᠨᠡᠶᠢᠲᠡ ᠶᠢᠨ | ᠴᠤᠭᠯᠠᠷᠠᠬᠤ ᠲᠠᠯᠠᠪᠤᠷ ᠭᠠᠵᠠᠷ ᠢ ᠠᠰᠢᠭᠯᠠᠯᠲᠠ ᠳᠤ ᠣᠷᠤᠭᠤᠯᠬᠤ᠂ ᠡᠵᠡᠩᠨᠡᠬᠦ ᠠᠴᠠ ᠡᠮᠦᠨ᠎ᠡ᠂ ᠪᠠᠷᠢᠯᠭ᠎ᠠ ᠶᠢᠨ ᠨᠢᠭᠡᠴᠡ ᠪᠤᠶᠤ ᠬᠡᠷᠡᠭᠯᠡᠬᠦ ᠨᠢᠭᠡᠴᠡ ᠨᠢ ᠲᠠᠯᠠᠪᠤᠷ | ᠭᠠᠵᠠᠷ ᠤᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ | ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠭᠠᠯ ᠰᠡᠷᠭᠡᠶᠢᠯᠡᠵᠦ ᠤᠨᠲᠠᠷᠠᠭᠠᠬᠤ ᠠᠶᠤᠯᠭᠦᠢ ᠶᠢᠨ ᠪᠠᠶᠢᠴᠠᠭᠠᠯᠲᠠ ᠬᠢᠯᠭᠡᠬᠦ ᠪᠠᠷ ᠭᠤᠶᠤᠴᠢᠯᠠᠵᠤ᠂ ᠲᠠᠯᠠᠪᠤᠷ | ᠭᠠᠵᠠᠷ ᠤᠨ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠪᠠ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠭᠰᠡᠨ ᠠᠮᠠᠯᠠᠯᠲᠠ ᠬᠢᠵᠦ᠂ ᠲᠣᠭᠲᠠᠭᠠᠭᠰᠠᠨ | ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ ᠲᠡᠭᠦᠨ ᠤ ᠠᠮᠠᠯᠠᠯᠲᠠ ᠪᠠ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ᠃ | ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠭᠤᠶᠤᠴᠢᠯᠠᠭᠴᠢ ᠶᠢᠨ ᠳᠡᠪᠰᠢᠭᠦᠯᠦᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠵᠤ᠂ | ᠭᠤᠶᠤᠴᠢᠯᠠᠬᠤ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠵᠦ ᠪᠠᠶᠢᠪᠠᠯ ᠵᠥᠪᠰᠢᠶᠡᠷᠡᠨ᠎ᠡ᠃ ᠭᠠᠯ ᠰᠡᠷᠭᠡᠶᠢᠯᠡᠵᠦ | ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠪᠣᠯᠤᠨ ᠬᠠᠮᠢᠶᠠᠷᠤᠯᠲᠠ ᠶᠢᠨ ᠲᠣᠭᠲᠠᠭᠠᠯ ᠢ | ᠦᠨᠳᠦᠰᠦᠯᠡᠨ᠂ ᠠᠮᠠᠯᠠᠯᠲᠠ ᠬᠢᠭᠰᠡᠨ ᠣᠯᠠᠨ ᠨᠡᠶᠢᠲᠡ ᠶᠢᠨ ᠴᠤᠭᠯᠠᠷᠠᠬᠤ ᠲᠠᠯᠠᠪᠤᠷ ᠭᠠᠵᠠᠷ ᠢ ᠴᠠᠭ ᠲᠤᠬᠠᠶ ᠳᠤᠨᠢ ᠬᠢᠨᠠᠨ ᠪᠠᠶᠢᠴᠠᠭᠠᠨ᠎ᠠ᠃ | ᠭᠤᠶᠤᠴᠢᠯᠠᠭᠴᠢ ᠮᠡᠳᠡᠭᠳᠡᠬᠦ ᠠᠮᠠᠯᠠᠯᠲᠠ ᠶᠢᠨ ᠠᠷᠭ᠎ᠠ ᠶᠢ ᠰᠣᠩᠭᠤᠭᠰᠠᠨ ᠦᠭᠡᠢ ᠪᠠᠶᠢᠪᠠᠯ᠂ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ | ᠪᠠᠶᠢᠭᠤᠯᠤᠮᠵᠢ ᠨᠢ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠠᠵᠢᠯᠯᠠᠬᠤ ᠡᠳᠦᠷ ᠤᠨ ᠳᠣᠲᠣᠷ᠎ᠠ᠂ ᠭᠠᠯ ᠰᠡᠷᠭᠡᠶᠢᠯᠡᠵᠦ ᠤᠨᠲᠠᠷᠠᠭᠠᠬᠤ | ᠮᠡᠷᠭᠡᠵᠢᠯ ᠤᠨ ᠪᠠᠷᠢᠮᠵᠢᠶ᠎ᠠ ᠪᠣᠯᠤᠨ ᠬᠠᠮᠢᠶᠠᠷᠤᠯᠲᠠ ᠶᠢᠨ ᠲᠣᠭᠲᠠᠭᠠᠯ ᠢ ᠦᠨᠳᠦᠰᠦᠯᠡᠨ᠂ ᠲᠤᠰ ᠲᠠᠯᠠᠪᠤᠷ ᠲᠤ ᠪᠠᠶᠢᠴᠠᠭᠠᠯᠲᠠ ᠬᠢᠵᠦ᠂ ᠪᠠᠶᠢᠴᠠᠭᠠᠯᠲᠠ ᠨᠢ ᠭᠠᠯ | ᠰᠡᠷᠭᠡᠶᠢᠯᠡᠵᠦ ᠤᠨᠲᠠᠷᠠᠭᠠᠬᠤ ᠠᠶᠤᠯᠭᠦᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ ᠵᠥᠪᠰᠢᠶᠡᠷᠡᠨ᠎ᠡ᠃ | ᠣᠯᠠᠨ ᠨᠡᠶᠢᠲᠡ ᠶᠢᠨ ᠴᠤᠭᠯᠠᠷᠠᠬᠤ ᠲᠠᠯᠠᠪᠤᠷ ᠭᠠᠵᠠᠷ ᠨᠢ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠪᠠᠷ ᠵᠥᠪᠰᠢᠶᠡᠷᠡᠭᠦᠯᠦᠭᠡᠳᠦᠶ | ᠪᠣᠯ ᠠᠰᠢᠭᠯᠠᠯᠲᠠ ᠳᠤ ᠣᠷᠤᠭᠤᠯᠵᠤ᠂ ᠡᠵᠡᠩᠨᠡᠵᠦ ᠪᠣᠯᠬᠤ ᠦᠭᠡᠶ᠃ ᠭᠠᠯ ᠰᠡᠷᠭᠡᠶᠢᠯᠡᠵᠦ ᠤᠨᠲᠠᠷᠠᠭᠠᠬᠤ ᠠᠶᠤᠯᠭᠦᠢ ᠶᠢᠨ ᠪᠠᠶᠢᠴᠠᠭᠠᠯᠲᠠ ᠶᠢᠨ ᠪᠣᠳᠠᠲᠠᠢ ᠠᠷᠭ᠎ᠠ ᠶᠢ | ᠲᠦᠷᠦ ᠶᠢᠨ ᠶᠠᠪᠤᠳᠠᠯ ᠤᠨ ᠬᠤᠷᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠰᠠᠯᠠᠭ᠎ᠠ ᠮᠥᠴᠢᠷ ᠤᠨ ᠳᠦᠷᠢᠮ ᠲᠣᠭᠲᠠᠭᠠᠯ᠄ ︽ᠭᠠᠯ ᠰᠡᠷᠭᠡᠶᠢᠯᠡᠵᠦ ᠤᠨᠲᠠᠷᠠᠭᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠭᠠᠯ︾ ︵2009 | ᠣᠨ ᠤ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠷᠯᠢᠭ 107 ᠳ᠋ᠤᠭᠠᠷ ᠲᠣᠭᠠᠲᠤ ᠪᠠᠷ ᠨᠡᠶᠢᠲᠡᠯᠡᠵᠦ᠂ 2012 ᠣᠨ ᠤ ᠳᠣᠲᠣᠭᠠᠳᠤ ᠶᠢ ᠬᠠᠮᠠᠭᠠᠯᠠᠬᠤ ᠶᠠᠮᠤᠨ ᠤ | ᠵᠠᠷᠯᠢᠭ 120 ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠪᠠ︶᠃ | ᠨᠠᠢᠮᠠᠳᠤᠭᠠᠷ ᠵᠣᠷᠪᠤᠰ ᠤᠨ ᠨᠢᠭᠡᠳᠦᠭᠡᠷ ᠬᠤᠶᠠᠳᠤᠭᠠᠷ ᠵᠤᠷᠪᠤᠰ ᠣᠯᠠᠨ ᠨᠡᠶᠢᠲᠡ ᠶᠢᠨ ᠴᠤᠭᠯᠠᠷᠠᠬᠤ ᠲᠠᠯᠠᠪᠤᠷ ᠭᠠᠵᠠᠷ ᠢ ᠬᠡᠷᠡᠭᠯᠡᠯᠲᠡ᠂ ᠡᠵᠡᠩᠨᠡᠯᠲᠡ ᠳᠤ | ᠣᠷᠣᠭᠤᠯᠬᠤ ᠠᠴᠠ ᠡᠮᠦᠨ᠎ᠡ᠂ ᠪᠠᠷᠢᠯᠭ᠎ᠠ ᠶᠢᠨ ᠨᠢᠭᠡᠴᠡ ᠪᠤᠶᠤ ᠬᠡᠷᠡᠭᠯᠡᠬᠦ ᠨᠢᠭᠡᠴᠡ ᠨᠢ ᠲᠠᠯᠠᠪᠤᠷ ᠭᠠᠵᠠᠷ ᠤᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠠᠶᠢᠭᠤᠯᠤᠮᠵᠢ ᠳᠤ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠯᠭᠡᠬᠦ ᠪᠠᠷ ᠭᠤᠶᠤᠴᠢᠯᠠᠬᠤ ᠶᠢᠨ ᠬᠠᠮᠲᠤ ᠳᠣᠣᠷᠠᠬᠢ ᠮᠡᠲᠦ ᠮᠠᠲ᠋ᠧᠷᠢᠶᠠᠯ ᠢ ᠲᠤᠰᠢᠶᠠᠬᠤ ᠬᠡᠷᠡᠭᠲᠡᠶ᠄ | ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠶᠤᠯᠭᠦᠢ ᠶᠢᠨ ᠪᠠᠶᠢᠴᠠᠭᠠᠯᠲᠠ ᠶᠢᠨ ᠮᠡᠳᠡᠭᠦᠯᠬᠦ ᠬᠦᠰᠦᠨᠦᠭᠲᠦ︔ | ︵ᠬᠤᠶᠠᠷ︶ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠪᠤᠶᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠪᠠᠶᠢᠭᠤᠯᠭ᠎ᠠ ᠶᠢᠨ ᠭᠠᠷᠭᠠᠭᠰᠠᠨ ᠠᠵᠤ ᠠᠬᠤᠶᠢᠯᠠᠯ ᠤᠨ ᠨᠡᠷᠡᠶᠢᠳᠦᠯ ᠢ ᠤᠷᠢᠳᠴᠢᠯᠠᠨ ᠬᠢᠨᠠᠨ ᠵᠥᠪᠰᠢᠶᠡᠷᠡᠭᠰᠡᠨ ᠮᠡᠳᠡᠭᠳᠡᠯ ᠤᠨ ᠪᠢᠴᠢᠭ︔ | ︵ᠭᠤᠷᠪᠠ︶ ᠬᠠᠤᠯᠢ ᠶᠣᠰᠣᠭᠠᠷ ᠣᠯᠤᠭᠰᠠᠨ ᠪᠠᠷᠢᠯᠭ᠎ᠠ ᠶᠢᠨ ᠠᠵᠢᠯ ᠤᠨ ᠭᠠᠯ ᠰᠡᠷᠭᠡᠶᠢᠯᠡᠵᠦ ᠤᠨᠲᠠᠷᠠᠭᠠᠬᠤ ᠶᠢᠨ ᠰᠢᠯᠭᠠᠨ ᠬᠤᠷᠢᠶᠠᠭᠰᠠᠨ ᠪᠤᠶᠤ ᠪᠠᠷᠢᠯᠭ᠎ᠠ | ᠳᠠᠭᠤᠰᠤᠭᠰᠠᠨ ᠢ ᠰᠢᠯᠭᠠᠨ ᠬᠤᠷᠢᠶᠠᠭᠰᠠᠨ ᠭᠠᠯ ᠰᠡᠷᠭᠡᠶᠢᠯᠡᠵᠦ ᠤᠨᠲᠠᠷᠠᠭᠠᠬᠤ ᠶᠢᠨ ᠪᠦᠷᠢᠳᠬᠡᠨ ᠳᠠᠩᠰᠠᠯᠠᠭᠤᠯᠤᠭᠰᠠᠨ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠤᠨ | ᠬᠠᠭᠤᠯᠪᠤᠷᠢ︔ | ︵ᠲᠦᠷᠪᠡ︶ ᠭᠠᠯ ᠰᠡᠷᠭᠡᠶᠢᠯᠡᠵᠦ ᠤᠨᠲᠠᠷᠠᠭᠠᠬᠤ ᠠᠶᠤᠯᠭᠦᠢ ᠶᠢᠨ ᠲᠦᠷᠢᠮ᠂ ᠭᠠᠯ ᠰᠡᠷᠭᠡᠶᠢᠯᠡᠵᠦ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ | ᠲᠠᠷᠬᠠᠯᠲᠠ ᠶᠢᠨ ᠲᠥᠰᠦᠯ᠂ ᠲᠠᠯᠠᠪᠤᠷ ᠭᠠᠵᠠᠷ ᠤᠨ ᠬᠠᠪᠲᠠᠭᠠᠢ ᠪᠠᠶᠢᠷᠢᠯᠠᠭᠤᠯᠤᠯᠲᠠ ᠶᠢᠨ ᠵᠢᠷᠤᠭ︔ | ︵ᠲᠠᠪᠤ︶ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠭᠠᠯ ᠰᠡᠷᠭᠡᠶᠢᠯᠡᠵᠦ ᠤᠨᠲᠠᠷᠠᠭᠠᠬᠤ ᠶᠢᠨ ᠠᠮᠤᠷ ᠲᠦᠪᠰᠢᠨ ᠤ ᠬᠥᠮᠦᠵᠢᠯ | ᠪᠣᠯᠪᠠᠰᠤᠷᠠᠯ ᠤᠨ ᠲᠡᠮᠳᠡᠭᠯᠡᠯ ᠪᠠ ᠭᠠᠯ ᠰᠡᠷᠭᠡᠶᠢᠯᠡᠵᠦ ᠤᠨᠲᠠᠷᠠᠭᠠᠬᠤ ᠶᠢᠨ ᠰᠢᠰᠲ᠋ᠧᠮ ᠤᠨ ᠠᠦ᠋ᠲ᠋ᠣ᠋ ᠠᠵᠢᠯᠯᠠᠭᠴᠢ ᠶᠢᠨ ᠣᠯᠤᠭᠰᠠᠨ ᠭᠠᠯ ᠰᠡᠷᠭᠡᠶᠢᠯᠡᠵᠦ | ᠤᠨᠲᠠᠷᠠᠭᠠᠬᠤ ᠶᠢᠨ ᠠᠵᠢᠯ ᠲᠥᠷᠥᠯ ᠤᠨ ᠣᠨᠴᠠ ᠠᠵᠢᠯ ᠲᠥᠷᠥᠯ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠬᠠᠭᠤᠯᠪᠤᠷᠢ︔ | ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠮᠠᠲ᠋ᠧᠷᠢᠶᠠᠯ᠃ | ︽ᠪᠠᠷᠢᠯᠭ᠎ᠠ ᠶᠢᠨ ᠠᠵᠢᠯ ᠤᠨ ᠭᠠᠯ ᠰᠡᠷᠭᠡᠶᠢᠯᠡᠵᠦ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ︾ ᠤᠨ ᠶᠣᠰᠣᠭᠠᠷ ᠪᠠᠷᠢᠯᠭ᠎ᠠ ᠳᠠᠭᠤᠰᠤᠭᠰᠠᠨ ᠢ | ᠰᠢᠯᠭᠠᠨ ᠬᠤᠷᠢᠶᠠᠬᠤ ᠪᠠ ᠭᠠᠯ ᠰᠡᠷᠭᠡᠶᠢᠯᠡᠵᠦ ᠤᠨᠲᠠᠷᠠᠭᠠᠬᠤ ᠶᠢ ᠳᠠᠩᠰᠠᠯᠠᠭᠤᠯᠬᠤ ᠴᠢᠬᠤᠯᠠ ᠦᠭᠡᠶ ᠣᠯᠠᠨ ᠨᠡᠶᠢᠲᠡ ᠶᠢᠨ ᠴᠤᠭᠯᠠᠷᠠᠬᠤ ᠲᠠᠯᠠᠪᠤᠷ ᠭᠠᠵᠠᠷ ᠲᠤ ᠭᠠᠯ | ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠯᠭᠡᠬᠦ ᠪᠠᠷ ᠭᠤᠶᠤᠴᠢᠯᠠᠬᠤ ᠳᠤ᠂ ᠪᠠᠰᠠ ᠲᠠᠯᠠᠪᠤᠷ ᠭᠠᠵᠠᠷ ᠤᠨ ᠭᠡᠷ ᠳᠣᠲᠣᠷᠠᠬᠢ ᠴᠢᠮᠡᠭᠯᠡᠯ ᠤᠨ | ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠠᠷᠢᠯᠭ᠎ᠠ ᠶᠢᠨ ᠠᠵᠢᠯ ᠤᠨ ᠵᠢᠷᠤᠭ᠂ ᠭᠠᠯ ᠰᠡᠷᠭᠡᠶᠢᠯᠡᠵᠦ ᠤᠨᠲᠠᠷᠠᠭᠠᠬᠤ ᠦᠢᠯᠡᠳᠬᠦᠨ ᠤ ᠶᠠᠰᠤ | ᠴᠢᠨᠠᠷ ᠤᠨ ᠬᠢᠷᠢ ᠲᠡᠩᠴᠡᠭᠰᠡᠨ ᠢ ᠭᠡᠷᠡᠴᠢᠯᠡᠬᠦ ᠪᠢᠴᠢᠭ ᠮᠠᠲ᠋ᠧᠷᠢᠶᠠᠯ ᠵᠢᠴᠢ ᠴᠢᠮᠡᠭᠯᠡᠯ ᠤᠨ ᠮᠠᠲ᠋ᠧᠷᠢᠶᠠᠯ ᠤᠨ ᠭᠠᠯ ᠰᠡᠷᠭᠡᠶᠢᠯᠡᠬᠦ ᠴᠢᠳᠠᠪᠬᠢ ᠨᠢ ᠭᠠᠯ ᠰᠡᠷᠭᠡᠶᠢᠯᠡᠵᠦ | ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠢ ᠭᠡᠷᠡᠴᠢᠯᠡᠬᠦ ᠪᠢᠴᠢᠭ ᠮᠠᠲ᠋ᠧᠷᠢᠶᠠᠯ᠂ ᠦᠢᠯᠡᠳᠪᠦᠷᠢ ᠠᠴᠠ ᠭᠠᠷᠭᠠᠬᠤ ᠬᠢᠷᠢ ᠲᠡᠩᠴᠡᠭᠰᠡᠨ ᠦᠨᠡᠮᠯᠡᠯ ᠢ | ᠲᠤᠰᠢᠶᠠᠬᠤ ᠬᠡᠷᠡᠭᠲᠡᠶ᠃ | | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ᠄ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ | | | ᠭᠦᠢᠴᠡᠳᠭᠡᠬᠦ ᠭᠠᠵᠠᠷ᠄ | ᠰᠢᠨ᠎ᠡ ᠬᠤᠲᠠ ᠲᠣᠭᠤᠷᠢᠭ ᠤᠨ ᠯᠢᠨ ᠬᠤᠸᠠᠩ ᠶᠡᠭᠡ ᠵᠡᠭᠡᠯᠢ ᠶᠢᠨ 25 ᠳ᠋ᠤᠭᠠᠷ ᠨᠣᠮᠧᠷ᠂ ᠵᠢᠦ ᠲᠢᠶᠠᠨ ᠵᠢᠶᠠᠨ ᠬᠤᠸᠠ ᠪᠦᠯᠦᠭᠯᠡᠯ ᠤᠨ ᠳᠡᠳ᠋ ᠠᠰᠠᠷ ᠤᠨ | ᠪᠠᠷᠠᠭᠤᠨ ᠠᠰᠠᠷ᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠭᠠᠯ ᠰᠡᠷᠭᠡᠶᠢᠯᠡᠵᠦ ᠤᠨᠲᠠᠷᠠᠭᠠᠬᠤ ᠰᠠᠯᠪᠤᠷᠢ ᠠᠩᠭᠢ ᠶᠢᠨ | ᠶᠡᠷᠥᠩᠬᠡᠶᠢᠯᠡᠭᠰᠡᠨ ᠴᠣᠩᠬᠤᠷᠤᠭ | | | ᠭᠦᠢᠴᠡᠳᠭᠡᠬᠦ ᠴᠠᠭ᠄ | ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄ | 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶ | | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ | 37 ᠳ᠋ᠤᠭᠠᠷ ᠵᠠᠮ ᠤᠨ ᠲᠡᠷᠭᠡᠨ ᠳᠤ ᠰᠠᠭᠤᠵᠤ ᠮᠦᠽᠧᠢ ᠳᠤ ᠪᠠᠭᠤᠭᠠᠳ 621 ᠮᠧᠲᠷ ᠠᠯᠬᠤᠨ᠎ᠠ᠃ 66 ᠳ᠋ᠤᠭᠠᠷ ᠵᠠᠮ ᠤᠨ ᠲᠡᠷᠭᠡᠨ ᠳᠤ ᠰᠠᠭᠤᠵᠤ | ᠮᠦᠽᠧᠶ ᠳᠤ ᠪᠠᠭᠤᠭᠠᠳ 621 ᠮᠧᠲᠷ ᠠᠯᠬᠤᠨ᠎ᠠ︔ K99 ᠳ᠋ᠦ᠋ᠭᠡᠷ ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ 35 | ᠳ᠋ᠤᠭᠠᠷ ᠵᠠᠮ ᠤᠨ ᠲᠡᠷᠭᠡᠨ ᠳᠤ ᠰᠠᠭᠤᠵᠤ ᠹᠦ᠋ ᠰᠢᠩ ᠳ᠋ᠦᠩ ᠹᠠᠩ ᠪᠠᠭᠤᠳᠠᠯ ᠳᠤ ᠪᠠᠭᠤᠭᠠᠳ 947 ᠮᠧᠲᠷ ᠠᠯᠬᠤᠨ᠎ᠠ᠃ | | | |