ᠥᠪᠥᠷ ᠮᠣᠩᠭᠤᠯ ︽ᠬᠤᠶᠠᠷ ᠢ ᠨᠡᠶᠢᠲᠡᠯᠡᠬᠦ︾ ᠮᠡᠳᠡᠭᠡ ᠶᠢ ᠮᠡᠳᠡᠭᠡᠯᠡᠬᠦ ᠳᠦᠷᠢᠮ ᠢ ᠲᠣᠭᠲᠠᠭᠠᠪᠠ
ᠨᠡᠶᠢᠲᠡᠯᠡᠭᠰᠡᠨ ᠴᠠᠭ᠄
2023/12/11
      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ︵ᠳᠣᠷᠣᠭᠰᠢ ︽ᠬᠤᠶᠠᠷ ᠢ ᠨᠡᠶᠢᠲᠡᠯᠡᠬᠦ︾ ᠭᠡᠵᠦ ᠲᠣᠪᠴᠢᠯᠠᠪᠠ︶ ᠢ ᠴᠤᠭᠯᠠᠭᠤᠯᠵᠤ ᠮᠡᠳᠡᠭᠦᠯᠦᠨ ᠬᠦᠷᠭᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ᠂ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠶᠢᠨ ᠴᠢᠨᠠᠷ ᠬᠢᠭᠡᠳ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 2023 ᠣᠨ ᠳᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠠᠳ ︽ᠬᠤᠶᠠᠷ ᠢ ᠨᠡᠶᠢᠲᠡᠯᠡᠬᠦ︾ ᠮᠡᠳᠡᠭᠡ ᠶᠢ ᠮᠡᠳᠡᠭᠦᠯᠦᠨ ᠬᠦᠷᠭᠡᠬᠦ ᠵᠠᠮ ᠱᠤᠭᠤᠮ᠂ ᠴᠠᠭ ᠤᠨ ᠬᠢᠵᠠᠭᠠᠷ ᠵᠢᠴᠢ ᠪᠦᠷᠢᠳᠬᠡᠬᠦ ᠳᠦᠷᠢᠮ ᠢ ᠴᠢᠨᠠᠭᠰᠢᠳᠠ ᠨᠡᠩ ᠲᠣᠳᠣᠷᠬᠠᠶᠢᠯᠠᠭᠰᠠᠨ ᠪᠥᠭᠡᠳ ᠠᠶᠢᠮᠠᠭ ᠬᠤᠲᠠ ᠨᠤᠭᠤᠳ ᠲᠤ ︽ᠬᠤᠶᠠᠷ ᠢ ᠨᠡᠶᠢᠲᠡᠯᠡᠬᠦ︾ ᠮᠡᠳᠡᠭᠡ ᠶᠢ ᠰᠠᠷ᠎ᠠ ᠳᠤ ᠪᠠᠨ ᠮᠡᠳᠡᠭᠡᠯᠡᠬᠦ ᠠᠵᠢᠯ ᠢ ᠦᠷᠭᠦᠯᠵᠢᠯᠡᠨ ᠥᠷᠨᠢᠭᠦᠯᠵᠡᠢ᠃      ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠵᠡᠷᠭᠡ ᠢᠲᠡᠭᠡᠮᠵᠢ ᠶᠢᠨ ᠮᠡᠳᠡᠭᠡ ᠶᠢ ᠢᠯᠡᠴᠢᠯᠡᠨ ᠨᠡᠶᠢᠲᠡᠯᠡᠬᠦ ᠪᠣᠯ ᠢᠯᠡ ᠵᠠᠰᠠᠭ ᠪᠠ ᠢᠲᠡᠭᠡᠮᠵᠢᠲᠡᠢ ᠵᠠᠰᠠᠭ ᠢ ᠪᠠᠶᠢᠭᠤᠯᠬᠤ ᠶᠢᠨ ᠴᠢᠬᠤᠯᠠ ᠢᠯᠡᠷᠡᠯ ᠮᠥᠨ᠂ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ ᠶᠢ ᠠᠬᠢᠭᠤᠯᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠡᠶᠡᠯᠡᠭᠦᠯᠬᠦ᠂ ᠵᠠᠰᠠᠭ ᠤᠨ ᠣᠷᠳᠣᠨ ᠤ ᠡᠭᠦᠷᠭᠡ ᠴᠢᠳᠠᠮᠵᠢ ᠶᠢ ᠦᠨᠡᠨ ᠬᠦ ᠬᠤᠪᠢᠷᠠᠭᠤᠯᠬᠤ ᠪᠦᠲᠦᠮᠵᠢᠲᠡᠶ ᠠᠷᠭ᠎ᠠ ᠪᠠᠷᠢᠯ ᠮᠥᠨ᠂ ᠪᠠᠰᠠ ᠴᠤ ᠪᠥᠬᠦ ᠣᠷᠣᠨ ᠤ ᠬᠤᠳᠠᠯᠳᠤᠭᠠᠨ ᠤ ᠣᠷᠴᠢᠨ ᠨᠥᠬᠦᠴᠡᠯ ᠤᠨ ᠭᠦᠢᠴᠡᠳᠬᠡᠯ ᠲᠤᠭ᠎ᠠ ᠶᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠶᠤᠮ᠃ 2023 ᠣᠨ ᠤ 10 ᠳ᠋ᠤᠭᠠᠷ ᠰᠠᠷ᠎ᠠ ᠳᠤ᠂ ᠡᠯ᠎ᠡ ᠠᠶᠢᠮᠠᠭ ᠬᠤᠲᠠ 33088 ᠵᠤᠷᠪᠤᠰ ︽ᠬᠤᠶᠠᠷ ᠢ ᠨᠡᠶᠢᠲᠡᠯᠡᠬᠦ︾ ᠮᠡᠳᠡᠭᠡ ᠶᠢ ᠳᠡᠭᠡᠭᠰᠢ ᠮᠡᠳᠡᠭᠦᠯᠦᠭᠰᠡᠨ ᠪᠠ 33088 ᠵᠤᠷᠪᠤᠰ ᠢ ᠬᠢᠨᠠᠨ ᠵᠠᠯᠠᠷᠠᠭᠤᠯᠤᠭᠠᠳ ᠬᠥᠮᠥᠷᠭᠡ ᠳᠤ ᠣᠷᠣᠭᠤᠯᠵᠤ᠂ ᠲᠤᠭ᠎ᠠ ᠪᠠᠷᠢᠮᠲᠠ ᠶᠢᠨ ᠶᠡᠷᠦᠩᠬᠡᠢ ᠲᠣᠭᠲᠠᠭᠠᠯ ᠳᠤ ᠨᠡᠶᠢᠴᠡᠭᠰᠡᠨ ᠨᠣᠷᠮ᠎ᠠ ᠨᠢ 100%᠎ ᠳᠤ ᠬᠦᠷᠴᠦ᠂ ᠤᠳᠠᠭᠠᠰᠢᠷᠠᠭᠤᠯᠤᠨ ᠮᠡᠳᠡᠭᠦᠯᠦᠭᠰᠡᠨ ᠨᠣᠷᠮ᠎ᠠ ᠨᠢ 0.21% ᠪᠠᠶᠢᠪᠠ᠃      ︽ᠳᠠᠷᠠᠭᠠᠴᠢ ᠪᠠᠷ ᠪᠢᠳᠡ ︿ᠬᠤᠶᠠᠷ ᠢ ᠨᠡᠶᠢᠲᠡᠯᠡᠬᠦ﹀ ᠮᠡᠳᠡᠭᠡ ᠶᠢ ᠰᠠᠷ᠎ᠠ ᠳᠤ ᠪᠠᠨ ᠨᠡᠶᠢᠲᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠠᠶᠢᠮᠠᠭ ᠬᠤᠲᠠ ᠶᠢᠨ ︿ᠬᠤᠶᠠᠷ ᠢ ᠨᠡᠶᠢᠲᠡᠯᠡᠬᠦ﹀ ᠮᠡᠳᠡᠭᠡ ᠶᠢ ᠮᠡᠳᠡᠭᠦᠯᠦᠨ ᠬᠦᠷᠭᠡᠬᠦ ᠠᠵᠢᠯ ᠤᠨ ᠲᠤᠬᠠᠢ ᠲᠠᠨᠢᠯᠲᠠ ᠶᠢ ᠴᠢᠨᠠᠭᠰᠢᠳᠠ ᠤᠯᠠᠮ ᠳᠡᠭᠡᠭᠰᠢᠯᠡᠭᠦᠯᠵᠦ᠂ ᠮᠠᠨ ᠤ ᠣᠷᠣᠨ ᠤ ︿ᠬᠤᠶᠠᠷ ᠢ ᠨᠡᠶᠢᠲᠡᠯᠡᠬᠦ﹀ ᠮᠡᠳᠡᠭᠡ ᠶᠢ ᠣᠷᠬᠢᠭᠳᠠᠭᠤᠯᠤᠨ ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠬᠦ ᠵᠡᠷᠭᠡ ᠠᠰᠠᠭᠤᠳᠠᠯ ᠤᠳ ᠢ ᠪᠥᠬᠦ ᠲᠠᠯ᠎ᠠ ᠪᠠᠷ ᠰᠢᠢᠳᠪᠦᠷᠢᠯᠡᠬᠦ ᠶᠢᠨ ᠬᠠᠮᠲᠤ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠲᠠᠰᠤᠯᠤᠯᠲᠠ᠂ ᠵᠠᠰᠠᠭ ᠵᠠᠬᠢᠷᠭᠠᠨ ᠤ ᠱᠠᠩᠨᠠᠯ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ ᠵᠡᠷᠭᠡ 5 ᠲᠥᠷᠥᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠮᠡᠳᠡᠭᠡ ᠶᠢ ᠴᠤᠭᠯᠠᠭᠤᠯᠵᠤ ᠮᠡᠳᠡᠭᠦᠯᠦᠨ ᠬᠦᠷᠭᠡᠬᠦ ᠠᠵᠢᠯ ᠢ ᠠᠬᠢᠭᠤᠯᠵᠤ᠂ ᠢᠲᠡᠭᠡᠮᠵᠢ ᠶᠢᠨ ᠮᠡᠳᠡᠭᠡ ᠶᠢ ᠴᠤᠭᠯᠠᠭᠤᠯᠬᠤ ᠬᠡᠪᠴᠢᠶ᠎ᠡ ᠶᠢ ᠥᠷᠭᠡᠳᠬᠡᠨ᠎ᠡ᠃︾ ᠭᠡᠵᠦ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ