ᠬᠤᠩ ᠮᠢᠶᠣᠣ ᠽᠢ ᠪᠠᠯᠭᠠᠰᠤ
ᠨᠡᠶᠢᠲᠡᠯᠡᠭᠰᠡᠨ ᠴᠠᠭ᠄
2023/12/11
      ᠬᠤᠩᠱᠠᠨ ᠲᠣᠭᠤᠷᠢᠭ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠠᠴᠠ ᠵᠡᠭᠦᠨᠰᠢ 11.5 ᠺᠢᠯᠣᠮᠧᠲᠷ ᠵᠠᠶᠢᠲᠠᠢ ᠪᠠᠶᠢᠷᠢᠯᠠᠵᠤ ᠪᠠᠶᠢᠳᠠᠭ᠂ ᠴᠢᠩ ᠤᠯᠤᠰ ᠤᠨ ᠡᠩᠬᠡ ᠠᠮᠤᠭᠤᠯᠠᠩ ᠤᠨ ᠰᠡᠭᠦᠯᠴᠢ ᠶᠢᠨ ᠦᠶ᠎ᠡ ᠳᠤ ᠪᠠᠶᠢᠭᠤᠯᠤᠭᠰᠠᠨ ᠪᠠᠭ᠎ᠠ ᠲᠣᠰᠬᠤᠨ ᠪᠣᠯᠣᠨ᠎ᠠ᠂ 1949 ᠣᠨ ᠠᠴᠠ ᠡᠮᠦᠨ᠎ᠡ ᠭᠠᠵᠠᠷ ᠰᠢᠷᠣᠢ ᠡᠯᠡᠰᠦᠷᠬᠡᠭᠵᠢᠵᠦ᠂ ᠠᠮᠢᠳᠤᠷᠠᠯ ᠶᠠᠳᠠᠭᠤ ᠬᠦᠴᠢᠷᠲᠡᠢ ᠪᠠᠶᠢᠪᠠ᠂ 1949 ᠣᠨ ᠤ ᠳᠠᠷᠠᠭ᠎ᠠ ᠣᠶᠢᠵᠢᠭᠤᠯᠤᠯᠲᠠ᠂ ᠤᠰᠤᠨ ᠠᠰᠢᠭᠯᠠᠯᠲᠠ ᠬᠢᠭᠰᠡᠨ ᠠᠴᠠ ᠭᠠᠵᠠᠷ ᠰᠢᠷᠣᠢ ᠥᠩ ᠰᠢᠮᠡᠯᠢᠭ ᠠᠮᠤ ᠪᠤᠳᠠᠭ᠎ᠠ ᠡᠯᠪᠡᠭ ᠬᠤᠷᠢᠶᠠᠯᠲᠠ ᠲᠠᠢ᠂ ᠠᠵᠤ ᠦᠢᠯᠡᠳᠪᠦᠷᠢ ᠬᠤᠳᠠᠯᠳᠤᠭ᠎ᠠ ᠬᠥᠭᠵᠢᠭᠰᠡᠨ ᠤᠯᠠᠭᠠᠨᠬᠠᠳᠠ ᠶᠢᠨ ᠳᠠᠭᠠᠭᠤᠯᠢ ᠣᠳᠣᠨ ᠪᠠᠯᠭᠠᠰᠤ ᠪᠣᠯᠤᠭᠰᠠᠨ ᠪᠠᠶᠢᠨ᠎ᠠ᠃ 1988 ᠣᠨ ᠤ 7 ᠰᠠᠷ᠎ᠠ ᠳᠤ ᠪᠠᠯᠭᠠᠰᠤ ᠪᠠᠶᠢᠭᠤᠯᠬᠤ ᠶᠢ ᠵᠢᠩᠬᠢᠨᠢ ᠪᠠᠷ ᠵᠥᠪᠰᠢᠶᠡᠷᠡᠵᠡᠢ᠃ ᠬᠠᠷᠢᠶᠠᠨ ᠳᠤ ᠨᠢ 5 ᠲᠣᠰᠬᠤᠨ ᠤ ᠠᠷᠠᠳ ᠤᠨ ᠵᠥᠪᠯᠡᠯ᠂ 17 ᠠᠶᠢᠯ᠂ 3766 ᠡᠷᠦᠬᠡ᠂ 15176 ᠬᠥᠮᠥᠨ ᠠᠮᠠ ᠲᠠᠢ᠂ ᠡᠭᠦᠨ ᠳᠤ ᠲᠠᠷᠢᠶᠠᠯᠠᠩ ᠤᠨ ᠪᠤᠰᠤ ᠬᠥᠮᠥᠨ ᠠᠮᠠ 813 ᠪᠤᠢ᠃ ᠬᠢᠲᠠᠳ ᠦᠨᠳᠦᠰᠦᠲᠡᠨ 14497 ᠬᠥᠮᠥᠨ᠂ ᠮᠣᠩᠭᠤᠯ ᠵᠡᠷᠭᠡ ᠴᠥᠭᠡᠨ ᠲᠣᠭᠠᠲᠤ ᠦᠨᠳᠦᠰᠦᠲᠡᠨ 679 ᠬᠥᠮᠥᠨ ᠪᠤᠢ᠃      1985 ᠣᠨ ᠳᠤ ᠪᠦᠬᠦ ᠪᠠᠯᠭᠠᠰᠤᠨ ᠤ ᠶᠡᠷᠦᠩᠬᠡᠢ ᠲᠥᠯᠦᠪᠵᠢᠭᠦᠯᠭᠡ ᠶᠢ ᠲᠣᠭᠲᠠᠭᠠᠵᠤ᠂ ᠴᠤᠭᠯᠠᠭ᠎ᠠ ᠪᠠᠯᠭᠠᠰᠤ ᠶᠢᠨ ᠰᠢᠨᠵᠢ ᠴᠢᠨᠠᠷ ᠨᠢ ︽ᠲᠠᠷᠢᠶᠠᠯᠠᠬᠤ ᠪᠠᠷ ᠭᠤᠣᠯᠯᠠᠵᠤ᠂ ᠲᠠᠷᠢᠶᠠᠯᠠᠩ ᠠᠵᠤ ᠦᠢᠯᠡᠳᠪᠦᠷᠢ ᠬᠤᠳᠠᠯᠳᠤᠭ᠎ᠠ ᠶᠢ ᠪᠦᠬᠦ ᠲᠠᠯ᠎ᠠ ᠪᠠᠷ ᠬᠥᠭᠵᠢᠭᠦᠯᠵᠦ᠂ ᠠᠵᠤ ᠠᠬᠤᠢ ᠴᠡᠴᠡᠭᠯᠡᠨ ᠬᠥᠭᠵᠢᠭᠰᠡᠨ᠂ ᠣᠷᠴᠢᠨ ᠲᠣᠭᠤᠷᠢᠨ ᠴᠡᠪᠡᠷ ᠰᠠᠶᠢᠬᠠᠨ᠂ ᠦᠢᠯᠡᠳᠪᠦᠷᠢᠯᠡᠯ ᠳᠤ ᠠᠰᠢᠭᠲᠠᠢ᠂ ᠠᠮᠢᠳᠤᠷᠠᠯ ᠳᠤ ᠲᠥᠬᠦᠮ ᠬᠤᠲᠠ ᠶᠢᠨ ᠲᠣᠭᠤᠷᠢᠨ ᠳᠠᠬᠢ ᠪᠠᠯᠭᠠᠰᠤ ᠶᠢ ᠪᠠᠶᠢᠭᠤᠯᠬᠤ︾ ᠪᠣᠯᠣᠨ᠎ᠠ᠃ ᠲᠥᠯᠦᠪᠵᠢᠭᠦᠯᠭᠡ ᠶᠢᠨ ᠭᠠᠵᠠᠷ ᠨᠢ 70.21 ᠾᠧᠺᠲ᠋ᠠᠷ᠃ ᠵᠠᠮ ᠢ ᠳᠥᠷᠪᠡᠯᠵᠢᠨ ᠲᠣᠣᠷ ᠬᠡᠯᠪᠡᠷᠢ ᠪᠠᠷ ᠪᠠᠶᠢᠷᠢᠯᠠᠭᠤᠯᠵᠤ᠂ ᠭᠤᠣᠯ ᠲᠣᠨᠣᠯᠵᠢᠨ ᠵᠡᠭᠡᠯᠢ ᠶᠢᠨ ᠵᠡᠭᠦᠨᠰᠢ ᠪᠠᠷᠠᠭᠤᠨᠰᠢ ᠵᠡᠭᠡᠯᠢ ᠶᠢᠨ ᠥᠷᠭᠡᠨ ᠨᠢ 30 ᠮᠧᠲᠷ᠂ ᠡᠮᠦᠨᠡᠰᠢ ᠤᠮᠠᠷᠠᠰᠢ ᠵᠡᠭᠡᠯᠢ ᠶᠢᠨ ᠥᠷᠭᠡᠨ ᠨᠢ 15 ᠮᠧᠲᠷ᠂ ᠳᠡᠳ᠋ ᠵᠠᠮ ᠨᠢ 10 ᠮᠧᠲᠷ᠂ ᠨᠠᠷᠢᠨ ᠭᠤᠳᠤᠮᠵᠢ ᠨᠢ 8 ᠮᠧᠲᠷ᠃ 1974 ᠣᠨ ᠳᠤ ᠭᠤᠣᠯ ᠵᠡᠭᠡᠯᠢ ᠶᠢᠨ ᠬᠠᠶᠢᠷ ᠴᠢᠯᠠᠭᠤᠨ ᠵᠠᠮ ᠢ ᠲᠣᠰᠣᠨ ᠵᠠᠮ ᠪᠣᠯᠭᠠᠨ ᠥᠭᠡᠷᠡᠴᠢᠯᠡᠵᠦ᠂ ᠵᠠᠮ ᠤᠨ ᠥᠷᠭᠡᠨ ᠨᠢ 7 ᠮᠧᠲᠷ ᠪᠠᠶᠢᠪᠠ᠂ 1990 ᠣᠨ ᠳᠤ 38.5 ᠲᠦᠮᠡᠨ ᠲᠥᠭᠦᠷᠢᠭ ︵ᠬᠤᠲᠠ᠂ ᠲᠣᠭᠤᠷᠢᠭ 15 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠦᠯᠡᠳᠡᠭᠰᠡᠨ ᠢ ᠨᠢ ᠥᠪᠡᠷᠲᠡᠭᠡᠨ ᠴᠤᠭᠯᠠᠭᠤᠯᠪᠠ︶ ᠤᠨ ᠪᠡᠯᠡ ᠮᠥᠩᠭᠦ ᠴᠤᠭᠯᠠᠭᠤᠯᠵᠤ᠂ 12 ᠮᠧᠲᠷ ᠪᠣᠯᠭᠠᠨ ᠥᠷᠭᠡᠳᠬᠡᠵᠦ᠂ ᠪᠦᠬᠦ ᠤᠷᠲᠤ ᠨᠢ 1213 ᠮᠧᠲᠷ ᠪᠠᠶᠢᠪᠠ᠃ ᠪᠤᠰᠤᠳ 3 ᠵᠤᠷᠪᠤᠰ ᠵᠠᠮ  ᠨᠢ ᠴᠥᠮ 8 ᠮᠧᠲᠷ᠂ 18 ᠭᠤᠳᠤᠮᠵᠢ ᠲᠠᠢ᠃ 1988 ᠣᠨ ᠳᠤ ᠭᠤᠣᠯ ᠵᠡᠭᠡᠯᠢ ᠳᠤ 29 ᠮᠥᠩᠭᠦᠨ ᠤᠰᠤᠨ ᠳ᠋ᠧᠩ ᠤᠭᠰᠠᠷᠠᠭᠰᠠᠨ ᠪᠠᠶᠢᠨ᠎ᠠ᠃ ᠭᠠᠵᠠᠷ ᠳᠣᠣᠷᠠᠬᠢ ᠤᠰᠤ ᠭᠠᠳᠠᠭᠰᠢᠯᠠᠭᠤᠯᠬᠤ ᠲᠥᠬᠦᠭᠡᠷᠡᠮᠵᠢ ᠪᠠᠶᠢᠭᠤᠯᠵᠤ᠂ 1989 ᠣᠨ ᠪᠣᠯᠬᠤ ᠳᠤ 1900 ᠮᠧᠲᠷ ᠤᠷᠲᠤ ᠬᠤᠭᠤᠯᠠᠢ ᠤᠭᠰᠠᠷᠠᠭᠰᠠᠨ ᠪᠠᠶᠢᠨ᠎ᠠ᠃ 1988 ᠣᠨ ᠳᠤ ᠣᠯᠠᠨ ᠨᠡᠶᠢᠲᠡ ᠶᠢᠨ ᠵᠣᠷᠯᠣᠩ 2 ᠪᠠᠶᠢᠭᠤᠯᠪᠠ᠃ ᠪᠠᠯᠭᠠᠰᠤᠨ ᠤ ᠵᠡᠭᠦᠨᠲᠡᠢ ᠵᠠᠰᠠᠮᠠᠯ ᠵᠠᠮ ᠤᠨ ᠬᠥᠭᠦᠷᠭᠡ1 ᠪᠠᠶᠢᠭᠤᠯᠵᠤ᠂ ᠤᠷᠲᠤ ᠨᠢ 23 ᠮᠧᠲᠷ᠂ ᠥᠷᠭᠡᠨ ᠨᠢ 12.5 ᠮᠧᠲᠷ᠂ 4 ᠭᠤᠯᠳᠤᠩᠲᠤ ᠬᠥᠭᠦᠷᠭᠡ ᠪᠣᠯᠣᠨ᠎ᠠ᠃ 1968 ᠣᠨ ᠳᠤ ᠪᠠᠯᠭᠠᠰᠤᠨ ᠳᠤ ᠦᠶᠡᠷ ᠤᠨ ᠬᠠᠰᠢᠯᠭ᠎ᠠ ᠶᠢ 2000 ᠮᠧᠲᠷ ᠵᠠᠰᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠪᠠᠰᠠ ᠠᠮᠢᠳᠤᠷᠠᠯ ᠲᠠᠷᠢᠶᠠᠯᠠᠩ ᠳᠤ ᠵᠡᠷᠭᠡᠪᠡᠷ ᠬᠡᠷᠡᠭᠯᠡᠬᠦ ᠦᠶᠡᠷ ᠤᠨ ᠬᠠᠰᠢᠯᠭ᠎ᠠ 15 ᠺᠢᠯᠣᠮᠧᠲᠷ ᠵᠠᠰᠠᠭᠰᠠᠨ ᠪᠠᠶᠢᠨ᠎ᠠ᠃ ᠪᠠᠯᠭᠠᠰᠤᠨ ᠤ ᠨᠣᠭᠤᠭᠠᠷᠠᠭᠤᠯᠤᠯᠲᠠ ᠨᠢ ᠨᠡᠯᠢᠶᠡᠳ ᠰᠠᠶᠢᠨ ᠪᠠᠶᠢᠵᠤ᠂ ᠴᠡᠴᠡᠷᠯᠢᠭ ᠤᠨ ᠲᠠᠯᠠᠪᠠᠢ 120 ᠮᠦ᠂ ᠵᠠᠮ ᠳᠠᠭᠠᠤ ᠤᠯᠢᠶᠠᠰᠤ᠂ ᠨᠠᠷᠠᠰᠤ ᠵᠡᠷᠭᠡ ᠮᠣᠳᠣ ᠶᠢ 1410 ᠰᠠᠭᠤᠷᠢ ᠳᠠᠷᠢᠭᠰᠠᠨ ᠪᠠᠶᠢᠨ᠎ᠠ᠃ 1989᠂ 1990 ᠣᠨ ᠬᠤᠶᠠᠷ ᠵᠢᠯ ᠳᠤ 20.3 ᠲᠦᠮᠡᠨ ᠲᠥᠭᠦᠷᠢᠭ ᠤᠨ ᠪᠡᠯᠡ ᠣᠷᠣᠭᠤᠯᠤᠨ ᠲᠦᠭᠡᠭᠡᠯ ᠤᠰᠤᠨ ᠤ ᠭᠦᠨ ᠬᠤᠳᠳᠤᠭ 1 ᠭᠠᠷᠭᠠᠵᠤ᠂ ᠭᠤᠣᠯ ᠬᠤᠭᠤᠯᠠᠢ ᠶᠢᠨ ᠤᠷᠲᠤ ᠨᠢ 3100 ᠮᠧᠲᠷ᠂ ᠡᠳᠦᠷ ᠪᠦᠷᠢ ᠶᠢᠨ ᠤᠰᠤ ᠬᠠᠩᠭᠠᠬᠤ ᠴᠢᠳᠠᠪᠤᠷᠢ ᠨᠢ 650 ᠲᠣᠨ ᠬᠦᠷᠴᠡᠢ᠃      ᠪᠠᠯᠭᠠᠰᠤᠨ ᠤ ᠣᠷᠣᠨ ᠰᠠᠭᠤᠴᠠ 6.6 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠨᠢ 13.5 ᠲᠡᠭᠰᠢ ᠳᠥᠷᠪᠡᠯᠵᠢᠨ ᠮᠧᠲᠷ᠃ ᠣᠯᠠᠨ ᠨᠡᠶᠢᠲᠡ ᠶᠢᠨ ᠪᠠᠷᠢᠯᠭ᠎ᠠ 3.76 ᠲᠦᠮᠡᠨ ᠲᠡᠭᠰᠢ ᠳᠥᠷᠪᠡᠯᠵᠢᠨ ᠮᠧᠲᠷ᠂ ᠦᠢᠯᠡᠳᠪᠦᠷᠢᠯᠡᠯ ᠤᠨ ᠪᠠᠷᠢᠯᠭ᠎ᠠ 6.05 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ᠃      ᠬᠤᠩ ᠮᠢᠶᠣᠤ ᠽᠢ ᠪᠠᠯᠭᠠᠰᠤ ᠪᠣᠯ ᠲᠠᠸᠠᠷ ᠤᠨ ᠠᠮᠤ ᠶᠢᠨ ᠰᠠᠭᠤᠷᠢᠨ ᠭᠠᠵᠠᠷ ᠤᠨ ᠨᠢᠭᠡ ᠮᠥᠷᠲᠡᠭᠡᠨ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠣᠭᠤᠷᠢᠭ ᠪᠣᠯᠣᠨ᠎ᠠ᠂ ᠠᠵᠤ ᠦᠢᠯᠡᠳᠪᠦᠷᠢ ᠲᠠᠷᠢᠶᠠᠯᠠᠩ ᠤᠨ ᠦᠢᠯᠡᠳᠬᠦᠨ ᠤ ᠶᠡᠷᠦᠩᠬᠡᠢ ᠥᠷᠲᠡᠭ ᠨᠢ 7803 ᠲᠦᠮᠡᠨ ᠲᠥᠭᠦᠷᠢᠭ ᠬᠦᠷᠴᠡᠢ᠂ ᠡᠭᠦᠨ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 5717 ᠲᠦᠮᠡᠨ ᠲᠥᠭᠦᠷᠢᠭ᠃ ᠪᠠᠯᠭᠠᠰᠤ ᠲᠣᠰᠬᠤᠨ ᠤ ᠠᠵᠤ ᠠᠬᠤᠶᠢᠯᠠᠯ 595 ᠪᠠᠶᠢᠵᠤ᠂ ᠠᠵᠢᠯᠲᠠᠨ ᠠᠵᠢᠯᠴᠢᠨ 3885 ᠬᠥᠮᠥᠨ ᠪᠤᠢ᠃ ᠪᠠᠯᠭᠠᠰᠤᠨ ᠠᠴᠠ ᠡᠷᠬᠢᠯᠡᠭᠰᠡᠨ ᠠᠯᠮᠠᠰ ᠤᠨ ᠡᠯᠡᠰᠦ ᠶᠢᠨ ᠦᠢᠯᠡᠳᠪᠦᠷᠢ᠂ ᠱᠦᠷᠭᠦᠭᠦᠯ ᠬᠦᠷᠳᠦ ᠶᠢᠨ ᠦᠢᠯᠡᠳᠪᠦᠷᠢ ᠶᠢᠨ ᠪᠦᠲᠦᠭᠡᠭᠳᠡᠬᠦᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠪᠦᠲᠦᠭᠡᠭᠳᠡᠬᠦᠨ ᠪᠣᠯᠵᠤ᠂ 15 ᠮᠤᠵᠢ ᠬᠤᠲᠠ ᠳᠤ ᠪᠣᠷᠤᠯᠠᠭᠤᠯᠭ᠎ᠠ ᠰᠠᠶᠢᠲᠠᠢ ᠪᠠᠶᠢᠵᠤ᠂ ᠶᠠᠫᠤᠨ ᠤᠯᠤᠰ ᠲᠤ ᠭᠠᠷᠭᠠᠵᠤ᠂ ᠬᠤᠩᠱᠠᠨ ᠲᠣᠭᠤᠷᠢᠭ ᠤᠨ ᠨᠡᠷᠡᠲᠦ ᠠᠵᠤ ᠠᠬᠤᠶᠢᠯᠠᠯ ᠪᠣᠯᠤᠭᠰᠠᠨ ᠪᠠᠶᠢᠨ᠎ᠠ᠃ ᠪᠤᠰᠤᠳ ᠱᠦᠷᠭᠦᠭᠦᠯ ᠬᠡᠷᠡᠭᠰᠡᠯ ᠪᠠ ᠮᠠᠲ᠋ᠧᠷᠢᠶᠠᠯ ᠤᠨ ᠦᠢᠯᠡᠳᠪᠦᠷᠢ᠂ ᠠᠷᠢᠬᠢᠨ ᠦᠢᠯᠡᠳᠪᠦᠷᠢ᠂ ᠪᠣᠯᠣᠳ ᠬᠡᠪᠰᠢᠭᠦᠯᠬᠦ ᠦᠢᠯᠡᠳᠪᠦᠷᠢ᠂ ᠢᠳᠡᠭᠡᠨ ᠤ ᠵᠦᠢᠯ ᠤᠨ ᠦᠢᠯᠡᠳᠪᠦᠷᠢ ᠵᠡᠷᠭᠡ ᠨᠢ ᠬᠤᠯᠠ ᠣᠶᠢᠷ᠎ᠠ ᠳᠤ ᠠᠯᠳᠠᠷᠰᠢᠭᠰᠠᠨ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ