ᠴᠢᠶᠣᠣ ᠪᠧᠢ ᠪᠠᠯᠭᠠᠰᠤ
ᠨᠡᠶᠢᠲᠡᠯᠡᠭᠰᠡᠨ ᠴᠠᠭ᠄
2023/12/11
      ᠬᠤᠩᠱᠠᠨ ᠲᠣᠭᠤᠷᠢᠭ ᠤᠨ ᠢᠩᠭᠡ ᠶᠢᠨ ᠭᠤᠣᠯ ᠤᠨ ᠬᠤᠶᠢᠲᠤ ᠡᠷᠭᠢ ᠳᠤ ᠬᠥᠭᠦᠷᠭᠡ ᠶᠢᠨ ᠬᠤᠶᠢᠨ᠎ᠠ ᠪᠠᠶᠢᠷᠢᠯᠠᠵᠤ ᠪᠠᠶᠢᠭᠰᠠᠨ ᠠᠴᠠ ᠴᠢᠶᠣᠣ ᠪᠧᠢ ᠬᠡᠮᠡᠨ ᠨᠡᠷᠡᠶᠢᠳᠦᠭᠰᠡᠨ ᠪᠠᠶᠢᠨ᠎ᠠ᠃ ᠪᠦᠬᠦ ᠪᠠᠯᠭᠠᠰᠤ ᠨᠢ ᠢᠩᠭᠡ ᠶᠢᠨ ᠭᠤᠣᠯ᠂ ᠵᠤᠰᠠ ᠶᠢᠨ ᠭᠤᠣᠯ᠂ ᠢᠨᠵᠠᠭ᠎ᠠ ᠶᠢᠨ ᠭᠤᠣᠯ ᠤᠨ ᠳᠤᠮᠳᠠᠬᠢ ᠲᠣᠪᠣᠴᠠᠭ ᠪᠣᠯᠣᠨ᠎ᠠ᠂ ᠬᠥᠷᠥᠰᠥᠨ ᠳᠠᠪᠬᠤᠷᠭ᠎ᠠ ᠨᠢ ᠨᠢᠮᠭᠡᠨ᠂ ᠬᠥᠷᠥᠰᠥᠨ ᠳᠣᠣᠷ᠎ᠠ ᠨᠢ ᠴᠢᠯᠠᠭᠤ ᠶᠡᠬᠡᠲᠡᠢ᠂ ᠤᠯᠠᠭᠠᠨᠬᠠᠳᠠ ᠠᠴᠠ ᠪᠣᠷᠣᠬᠤᠲᠠ ᠬᠦᠷᠬᠦ ᠵᠠᠰᠠᠮᠠᠯ ᠵᠠᠮ ᠡᠭᠦᠪᠡᠷ ᠥᠩᠭᠡᠷᠡᠵᠦ ᠪᠠᠶᠢᠭᠰᠠᠨ ᠪᠠ ᠴᠢᠯᠠᠭᠤ ᠮᠠᠯᠲᠠᠬᠤ ᠲᠠᠯᠠᠪᠠᠢ ᠪᠠᠶᠢᠭᠰᠠᠨ ᠭᠠᠵᠠᠷ ᠪᠣᠯᠬᠤᠷ᠂ ᠴᠢᠯᠦᠭᠡᠯᠡᠭᠳᠡᠭᠰᠡᠨ ᠤ ᠳᠠᠷᠠᠭ᠎ᠠ ᠰᠠᠶ᠋ᠢ ᠴᠥᠭᠡᠨ ᠲᠣᠭᠠᠨ ᠤ ᠠᠶᠢᠯ ᠰᠠᠭᠤᠷᠢᠰᠢᠭᠰᠠᠨ ᠪᠠᠶᠢᠨ᠎ᠠ᠃ ᠬᠤᠲᠠ ᠶᠢᠨ ᠬᠥᠭᠵᠢᠯᠲᠡ ᠶᠢ ᠳᠠᠭᠠᠯᠳᠤᠨ᠂ ᠨᠢᠭᠡ ᠪᠦᠯᠦᠭ ᠦᠢᠯᠡᠳᠪᠦᠷᠢ᠂ ᠬᠥᠮᠥᠷᠭᠡ᠂ ᠣᠷᠣᠨ ᠰᠠᠭᠤᠴᠠ ᠬᠤᠶᠢᠲᠤ ᠠᠭᠤᠯᠠᠨ ᠳᠤ ᠰᠢᠯᠵᠢᠵᠦ᠂ ᠠᠭᠠᠵᠢᠮ ᠢᠶᠠᠷ ᠵᠡᠭᠡᠯᠢ ᠪᠣᠯᠵᠠᠢ᠃ 1984 ᠣᠨ ᠳᠤ ᠰᠢᠶᠠᠩ ᠪᠠᠶᠢᠭᠤᠯᠵᠤ᠂ 1988 ᠣᠨ ᠤ 7 ᠰᠠᠷ᠎ᠠ ᠳᠤ ᠴᠢᠶᠣᠣ ᠪᠧᠢ ᠪᠠᠯᠭᠠᠰᠤ ᠪᠣᠯᠭᠠᠨ ᠪᠠᠶᠢᠭᠤᠯᠤᠭᠰᠠᠨ ᠪᠠᠶᠢᠨ᠎ᠠ᠃ ᠬᠠᠷᠢᠶᠠᠨ ᠳᠤ ᠨᠢ 2 ᠲᠣᠰᠬᠤᠨ ᠤ ᠠᠷᠠᠳ ᠤᠨ ᠵᠥᠪᠯᠡᠯ᠂ 3 ᠰᠠᠭᠤᠭᠠᠯᠢ ᠠᠷᠠᠳ ᠤᠨ ᠵᠥᠪᠯᠡᠯ᠂ 7 ᠠᠶᠢᠯ ᠲᠣᠰᠬᠤᠨ᠂ 3168 ᠡᠷᠦᠬᠡ᠂ 10868 ᠬᠥᠮᠥᠨ ᠠᠮᠠ ᠲᠠᠢ᠂ ᠡᠭᠦᠨ ᠳᠤ ᠬᠢᠲᠠᠳ ᠦᠨᠳᠦᠰᠦᠲᠡᠨ 9294 ᠬᠥᠮᠥᠨ᠂ ᠮᠣᠩᠭᠤᠯ ᠦᠨᠳᠦᠰᠦᠲᠡᠨ 684 ᠬᠥᠮᠥᠨ᠂ ᠬᠤᠲᠣᠩ ᠮᠠᠨᠵᠤ ᠵᠡᠷᠭᠡ ᠴᠥᠭᠡᠨ ᠲᠣᠭᠠᠲᠤ ᠦᠨᠳᠦᠰᠦᠲᠡᠨ 890 ᠬᠥᠮᠥᠨ ᠪᠤᠢ᠃      ᠪᠠᠯᠭᠠᠰᠤᠨ ᠤ ᠬᠤᠲᠠ ᠲᠠᠢ ᠬᠠᠪᠢᠳᠠᠵᠤ ᠪᠠᠶᠢᠭ᠎ᠠ ᠬᠡᠰᠢᠭ ᠨᠢ 1975 ᠣᠨ ᠳᠤ ᠬᠤᠲᠠ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠰᠠᠨ ᠪᠠᠶᠢᠨ᠎ᠠ᠃ 1985 ᠣᠨ ᠳᠤ 4.8 ᠲᠡᠭᠰᠢ ᠳᠥᠷᠪᠡᠯᠵᠢᠨ ᠺᠢᠯᠣᠮᠧᠲᠷ ᠲᠥᠯᠥᠪᠵᠢᠭᠦᠯᠵᠦ᠂ ᠤᠯᠠᠭᠠᠨᠬᠠᠳᠠ ᠠᠴᠠ ᠪᠣᠷᠣᠬᠤᠲᠠ ᠬᠦᠷᠬᠦ ᠰᠢᠨ᠎ᠡ ᠵᠠᠰᠠᠮᠠᠯ ᠵᠠᠮ ᠢᠶᠠᠷ ᠭᠤᠣᠯ ᠵᠠᠮ ᠪᠣᠯᠭᠠᠵᠤ᠂ ᠭᠤᠷᠪᠠᠨ ᠵᠡᠭᠡᠯᠢ ᠳᠥᠷᠪᠡᠨ ᠵᠠᠮ ᠨᠡᠭᠡᠭᠡᠭᠰᠡᠨ ᠪᠠᠶᠢᠨ᠎ᠠ᠂ ᠡᠨᠡ ᠨᠢ ᠳᠠᠷᠤᠢ ᡂᠢ ᠰᠢ ᠵᠠᠮ᠂ ᠰᠢᠩ ᠹᠦ᠋ ᠵᠠᠮ᠂ ᡂᠢ ᠳ᠋ᠦᠩ ᠵᠠᠮ᠂ ᠲᠣᠰᠣ ᠨᠡᠮᠡᠬᠦ ᠥᠷᠲᠡᠭᠡ ᠶᠢᠨ ᠡᠮᠦᠨ᠎ᠡ ᠵᠠᠮ᠂ ᠴᠢᠶᠣᠣ ᠪᠧᠢ ᠵᠡᠭᠡᠯᠢ᠂ ᠵᠢᠩ ᠰᠥᠩ ᠵᠡᠭᠡᠯᠢ᠂ ᠪᠧᠢ ᠱᠠᠨ ᠬᠥᠨᠳᠡᠯᠡᠨ ᠵᠡᠭᠡᠯᠢ ᠪᠣᠯᠣᠨ᠎ᠠ᠃ ᠪᠦᠬᠦ ᠤᠷᠲᠤ ᠨᠢ 10.93 ᠺᠢᠯᠣᠮᠧᠲᠷ᠂ ᠥᠷᠭᠡᠨ ᠨᠢ 16 - 40 ᠮᠧᠲᠷ ᠪᠤᠢ᠃ ᠡᠭᠦᠨ ᠳᠤ ᡂᠢ ᠰᠢ ᠵᠠᠮ ᠨᠢ 2700 ᠮᠧᠲᠷ ᠤᠷᠲᠤ᠂ 40 ᠮᠧᠲᠷ ᠥᠷᠭᠡᠨ ᠲᠣᠰᠣᠨ ᠵᠠᠮ ᠪᠠᠶᠢᠪᠠ᠃ ᠭᠤᠣᠯ ᠵᠠᠮ ᠳᠠᠭᠠᠤ ᠨᠠᠷᠠᠰᠤ᠂ ᠤᠨᠵᠢᠭᠢᠷ ᠤᠳᠠ 666 ᠰᠠᠭᠤᠷᠢ ᠳᠠᠷᠢᠭᠰᠠᠨ ᠪᠠᠶᠢᠨ᠎ᠠ᠃ ᠨᠡᠶᠢᠲᠡ ᠶᠢᠨ ᠵᠣᠷᠯᠣᠩ 3 ᠪᠤᠢ᠃ ᠦᠶᠡᠷ ᠤᠨ ᠬᠠᠰᠢᠯᠭ᠎ᠠ 2500 ᠮᠧᠲᠷ ᠪᠠᠶᠢᠭᠤᠯᠵᠠᠢ᠃ ᠬᠤᠲᠠ ᠶᠢᠨ ᠲᠦᠭᠡᠭᠡᠯ ᠤᠰᠤᠨ ᠤ ᠺᠣᠮᠫᠠᠨᠢ ᠨᠢᠭᠡᠳᠦᠯᠲᠡᠢ ᠤᠰᠤ ᠬᠠᠩᠭᠠᠳᠠᠭ᠃      ᠪᠠᠯᠭᠠᠰᠤᠨ ᠳᠤ 22.4 ᠲᠦᠮᠡᠨ ᠲᠡᠭᠰᠢ ᠳᠥᠷᠪᠡᠯᠵᠢᠨ ᠮᠧᠲᠷ ᠭᠡᠷ ᠪᠠᠶᠢᠰᠢᠩ ᠪᠠᠶᠢᠵᠤ᠂ 84.4% ᠨᠢ ᠲᠣᠭᠤᠰᠬ᠎ᠠ ᠪᠠ ᠪᠧᠲ᠋ᠣᠨ ᠪᠦᠲᠦᠴᠡ ᠲᠠᠢ᠂ ᠡᠭᠦᠨ ᠳᠤ ᠣᠷᠣᠨ ᠰᠠᠭᠤᠴᠠ 15.2 ᠲᠦᠮᠡᠨ ᠲᠡᠭᠰᠢ ᠳᠥᠷᠪᠡᠯᠵᠢᠨ ᠮᠧᠲᠷ᠂ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠨᠢ 11.2 ᠲᠡᠭᠰᠢ ᠳᠥᠷᠪᠡᠯᠵᠢᠨ ᠮᠧᠲᠷ ᠪᠣᠢ᠃      ᠪᠦᠬᠦ ᠪᠠᠯᠭᠠᠰᠤ ᠶᠢᠨ ᠬᠤᠶᠠᠷ ᠲᠣᠰᠬᠤᠨ ᠨᠢ ᠲᠠᠷᠢᠶᠠᠯᠠᠬᠤ ᠪᠠᠷ ᠭᠤᠣᠯᠯᠠᠵᠤ ᠪᠠᠶᠢᠭᠰᠠᠨ ᠠᠴᠠ ᠭᠠᠳᠠᠨ᠎ᠠ᠂ ᠠᠵᠤ ᠦᠢᠯᠡᠳᠪᠦᠷᠢ ᠠᠷᠠᠯᠵᠢᠶ᠎ᠠ ᠬᠤᠳᠠᠯᠳᠤᠭ᠎ᠠ ᠶᠢ ᠢᠳᠡᠪᠬᠢᠲᠡᠢ ᠪᠠᠷ ᠬᠥᠭᠵᠢᠭᠦᠯᠵᠦ᠂ 1990 ᠣᠨ ᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 1379 ᠲᠦᠮᠡᠨ ᠲᠥᠭᠦᠷᠢᠭ ᠬᠦᠷᠴᠦ᠂ ᠬᠤᠲᠠ ᠲᠣᠭᠤᠷᠢᠭ ᠤᠨ ᠲᠡᠮᠦᠷᠯᠢᠭ ᠤᠨ ᠦᠢᠯᠡᠳᠪᠦᠷᠢ᠂ ᠵᠢᠩᠯᠡᠭᠦᠷ ᠤᠨ ᠦᠢᠯᠡᠳᠪᠦᠷᠢ᠂ ᠰᠢᠷ ᠤᠨ ᠦᠢᠯᠡᠳᠪᠦᠷᠢ᠂ ᠬᠥᠩᠭᠡᠨ ᠠᠵᠤ ᠦᠢᠯᠡᠳᠪᠦᠷᠢ ᠶᠢᠨ ᠮᠧᠬᠠᠨᠢᠭ ᠤᠨ ᠦᠢᠯᠡᠳᠪᠦᠷᠢ ᠪᠠᠶᠢᠬᠤ ᠠᠴᠠ ᠭᠠᠳᠠᠨ᠎ᠠ᠂ ᠰᠢᠶᠠᠩ ᠪᠠᠯᠭᠠᠰᠤᠨ ᠤ ᠠᠵᠤ ᠠᠬᠤᠶᠢᠯᠠᠯ 245 ᠪᠣᠢ᠂ ᠠᠵᠢᠯᠴᠢᠨ ᠠᠵᠢᠯᠲᠠᠨ 1288 ᠬᠥᠮᠥᠨ ᠲᠠᠢ᠂ ᠵᠢᠯ ᠤᠨ ᠶᠡᠷᠦᠩᠬᠡᠢ ᠣᠷᠣᠯᠭ᠎ᠠ ᠨᠢ 2030 ᠲᠦᠮᠡᠨ ᠲᠥᠭᠦᠷᠢᠭ ᠬᠦᠷᠳᠡᠭ᠃ ᠪᠠᠯᠭᠠᠰᠤᠨ ᠳᠤ ᠴᠠᠬᠢᠭᠤᠷᠲᠤ ᠡᠯᠡᠰᠦ᠂ ᠪᠠᠷᠢᠯᠭ᠎ᠠ ᠶᠢᠨ ᠴᠢᠯᠠᠭᠤ ᠶᠢᠨ ᠬᠠᠳᠠᠭᠠᠯᠠᠭᠳᠠᠴᠠ ᠶᠡᠭᠡ᠂ ᠴᠢᠨᠠᠷ ᠨᠢ ᠰᠠᠶᠢᠨ᠂ ᠪᠠᠷᠢᠯᠭ᠎ᠠ ᠶᠢᠨ ᠠᠩᠭᠢ ᠶᠢᠨ ᠬᠦᠴᠦᠨ ᠨᠢ ᠬᠦᠴᠦᠷᠬᠡᠭ ᠪᠠᠶᠢᠳᠠᠭ᠃ ᠬᠤᠭᠤᠯᠠᠢ ᠴᠢᠳᠬᠤᠬᠤ ᠦᠢᠯᠡᠳᠪᠦᠷᠢ᠂ ᠨᠤᠨᠳᠠᠭ ᠴᠢᠯᠠᠭᠤ ᠶᠢᠨ ᠦᠢᠯᠡᠳᠪᠦᠷᠢ᠂ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ ᠦᠢᠯᠡᠳᠪᠦᠷᠢ ᠥᠷᠨᠢᠨ ᠬᠥᠭᠵᠢᠵᠦ᠂ ᠪᠠᠷᠢᠯᠭ᠎ᠠ ᠶᠢᠨ ᠮᠠᠲ᠋ᠧᠷᠢᠶᠠᠯ ᠤᠨ ᠲᠤᠰᠬᠠᠶᠢᠵᠢᠭᠰᠠᠨ ᠵᠠᠬ᠎ᠠ ᠳᠡᠯᠭᠡᠭᠦᠷ ᠡᠳᠦᠷ ᠢᠷᠡᠬᠦᠶ᠎ᠡ ᠴᠡᠴᠡᠭᠯᠡᠨ ᠬᠥᠭᠵᠢᠭᠰᠡᠨ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ