ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 8 ᠤ | ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ 12 ᠰᠠᠷ᠎ᠠ ᠶᠢᠨ 8 ᠤ ᠡᠳᠦᠷ ᠬᠤᠷᠠᠯ | ᠬᠤᠷᠠᠯᠳᠤᠭᠤᠯᠵᠤ᠂ 2024 ᠣᠨ ᠤ ᠠᠵᠤ ᠠᠬᠤᠢ ᠶᠢᠨ ᠠᠵᠢᠯ ᠢ | ᠵᠠᠳᠠᠯᠤᠨ ᠰᠤᠳᠤᠯᠪᠠ︔ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ | ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ | ᠰᠤᠳᠤᠯᠤᠨ ᠪᠠᠶᠢᠷᠢᠯᠠᠭᠤᠯᠪᠠ︔ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ | ᠳᠦᠷᠢᠮ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ᠃ | | | ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠭᠰᠠᠨ ᠡᠭᠢᠯᠡᠯᠲᠡ ᠶᠢᠨ ᠵᠢᠯ᠂ ᠭᠤᠷᠪᠠᠨ | ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ | ᠱᠠᠲᠤ ᠬᠤᠪᠢᠷᠠᠭᠰᠠᠨ ᠤ ᠳᠠᠷᠠᠭᠠᠬᠢ ᠠᠵᠤ ᠠᠬᠤᠢ ᠰᠡᠷᠭᠦᠨ | ᠬᠥᠭᠵᠢᠭᠰᠡᠨ ᠨᠢᠭᠡ ᠵᠢᠯ ᠪᠣᠯᠣᠨ᠎ᠠ᠃ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ | ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ | ᠳᠠᠷᠤᠯᠲᠠ ᠶᠢ ᠲᠤᠯᠵᠤ᠂ ᠳᠣᠲᠣᠭᠠᠳᠤ ᠶᠢᠨ ᠬᠦᠴᠢᠷᠳᠡᠯ ᠢ ᠢᠯᠠᠨ | ᠳᠠᠪᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ | ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ ᠵᠣᠷᠢᠭ ᠢ | ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠪᠠᠷ ᠬᠦᠴᠦᠯᠡᠵᠦ᠂ ᠮᠠᠨ ᠤ ᠤᠯᠤᠰ ᠤᠨ ᠠᠵᠤ ᠠᠬᠤᠢ | ᠰᠡᠷᠭᠦᠨ ᠰᠠᠶᠢᠵᠢᠷᠠᠵᠤ᠂ ᠴᠢᠨᠠᠷ ᠰᠠᠶᠢᠲᠠᠢ ᠬᠥᠭᠵᠢᠯᠲᠡ | ᠯᠠᠪᠳᠠᠭᠤᠨ ᠪᠠᠲᠤᠲᠠᠢ ᠠᠬᠢᠵᠤ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ | ᠠᠬᠢᠴᠠ ᠲᠠᠢ ᠪᠣᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ | ᠭᠦᠨᠵᠡᠭᠡᠶᠢᠷᠡᠨ ᠠᠬᠢᠵᠤ᠂ ᠠᠮᠤᠷ ᠲᠦᠪᠰᠢᠨ ᠬᠥᠭᠵᠢᠯᠲᠡ ᠶᠢᠨ | ᠰᠠᠭᠤᠷᠢ ᠪᠠᠬᠢᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ | ᠡᠷᠴᠢᠮᠲᠡᠢ ᠪᠦᠲᠦᠮᠵᠢᠲᠡᠢ ᠪᠣᠯᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ | ᠠᠯᠬᠤᠵᠠᠢ ᠭᠡᠵᠦ ᠦᠵᠡᠪᠡ᠃ | | | ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ | ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠥ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠭᠦᠭ ᠠᠶᠠᠰ ᠢ ᠪᠠᠷᠢᠮᠲᠠᠯᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ᠂ | ᠪᠦᠷᠢᠨ ᠪᠦᠲᠦᠨ᠂ ᠵᠥᠪ ᠤᠨᠤᠪᠴᠢᠳᠠᠢ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ | ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠠᠬᠢᠭᠤᠯᠤᠨ᠂ ᠬᠤᠷᠸ᠎ᠠ ᠡᠵᠡᠮᠳᠡᠯ | ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠭᠡᠯᠪᠡᠷᠢ ᠶᠢᠨ | ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ | ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ | ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠦᠨᠡᠨ ᠬᠦ ᠠᠵᠤ ᠠᠬᠤᠢ ᠶᠢᠨ ᠠᠮᠢᠵᠢᠷᠠᠯ ᠤᠨ | ᠬᠦᠴᠦᠨ ᠢ ᠨᠡᠮᠡᠭᠳᠡᠭᠦᠯᠦᠨ᠂ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ | ᠰᠠᠶᠢᠵᠢᠷᠠᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ | ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ᠂ ᠠᠵᠤ | ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ | ᠪᠠ ᠬᠡᠮᠵᠢᠶᠡᠨ ᠤ ᠵᠣᠬᠢᠰᠲᠠᠢ ᠨᠡᠮᠡᠭᠳᠡᠯ ᠢ ᠦᠷᠭᠦᠯᠵᠢᠯᠡᠨ | ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠦᠨ᠂ ᠨᠡᠶᠢᠭᠡᠮ ᠤᠨ ᠲᠣᠭᠲᠠᠭᠤᠨ ᠪᠠᠶᠢᠳᠠᠯ ᠢ | ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠢᠷᠡᠬᠦ ᠵᠢᠯ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ | ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ | ᠡᠪᠳᠡᠬᠦ ᠶᠢ ᠪᠠᠷᠢᠮᠲᠠᠯᠠᠵᠤ᠂ ᠬᠤᠷᠸ᠎ᠠ ᠲᠥᠷᠥ ᠶᠢᠨ | ᠪᠣᠳᠣᠯᠭ᠎ᠠ ᠶᠢᠨ ᠦᠶᠡᠯᠡᠯ ᠥᠭᠰᠥᠬᠦ ᠪᠠ ᠦᠶᠡᠯᠡᠯ ᠠᠯᠤᠰᠯᠠᠭᠰᠠᠨ | ᠲᠣᠬᠢᠷᠠᠭᠤᠯᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ | ᠢᠳᠡᠪᠬᠢᠲᠡᠢ ᠲᠥᠷᠥ ᠶᠢᠨ ᠪᠣᠳᠣᠯᠭ᠎ᠠ ᠪᠠ ᠵᠣᠭᠤᠰᠤᠨ ᠤ | ᠲᠣᠭᠲᠠᠭᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠬᠦ ᠬᠡᠷᠡᠭᠲᠡᠢ᠃ ᠡᠳ᠋ ᠤᠨ ᠵᠠᠰᠠᠭ ᠤᠨ | ᠢᠳᠡᠪᠬᠢᠲᠡᠢ ᠲᠦᠷᠦ ᠶᠢᠨ ᠪᠣᠳᠣᠯᠭ᠎ᠠ ᠨᠢ ᠵᠣᠬᠢᠰᠲᠠᠢ ᠪᠠᠷ | ᠡᠷᠴᠢᠮ ᠢᠶᠠᠨ ᠴᠢᠩᠭᠠᠷᠠᠭᠤᠯᠵᠤ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ | ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ | ᠠᠮᠢᠳᠤᠯᠢᠭ ᠪᠥᠭᠡᠳ ᠵᠣᠬᠢᠰᠲᠠᠢ᠂ ᠣᠨᠣᠪᠴᠢᠲᠠᠢ ᠪᠥᠭᠡᠳ | ᠪᠦᠲᠦᠮᠵᠢᠲᠡᠢ ᠪᠠᠶᠢᠯᠭᠠᠬᠤ ᠬᠡᠷᠡᠭᠲᠡᠢ᠃ ᠬᠤᠷᠸ᠎ᠠ ᠲᠦᠷᠦ ᠶᠢᠨ | ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ | ᠴᠢᠩᠭᠠᠳᠬᠠᠵᠤ᠂ ᠠᠵᠤ ᠠᠬᠤᠢ ᠶᠢᠨ ᠤᠬᠠᠭᠤᠯᠭ᠎ᠠ ᠪᠠ ᠶᠠᠷᠢᠶ᠎ᠠ | ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠬᠤ | ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ | ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠭᠦ | ᠬᠡᠷᠡᠭᠲᠡᠢ᠃ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ | ᠬᠦᠴᠦᠯᠡᠨ ᠥᠷᠭᠡᠳᠬᠡᠵᠦ᠂ ᠬᠡᠷᠡᠭᠯᠡᠭᠡ ᠪᠠ ᠪᠡᠯᠡ | ᠣᠷᠣᠭᠤᠯᠤᠯᠲᠠ ᠶᠢᠨ ᠬᠠᠷᠢᠯᠴᠠᠨ ᠠᠬᠢᠭᠤᠯᠬᠤ ᠰᠠᠶᠢᠨ ᠣᠷᠴᠢᠯ ᠢ | ᠪᠤᠢ ᠪᠤᠯᠭᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ | ᠰᠠᠶᠢᠲᠠᠢ ᠬᠥᠭᠵᠢᠯᠲᠡ ᠳᠤ ᠦᠷᠭᠦᠯᠵᠢᠯᠡᠨ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ | ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ | ᠪᠠᠶᠢᠳᠠᠯ ᠢ ᠪᠠᠬᠢᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ | ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ | ᠪᠦᠲᠦᠮᠵᠢᠲᠡᠢ ᠰᠡᠷᠭᠡᠶᠢᠯᠡᠨ ᠨᠠᠮᠳᠠᠭᠠᠵᠤ᠂ ᠰᠢᠰᠲ᠋ᠧᠮ ᠤᠨ | ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ | ᠱᠤᠭᠤᠮ ᠢ ᠡᠷᠡᠰ ᠰᠠᠬᠢᠬᠤ ᠬᠡᠷᠡᠭᠲᠡᠢ᠃ ︽ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠥᠬᠦᠷᠡᠰᠢ ᠦᠭᠡᠢ | ᠰᠠᠶᠢᠲᠤᠷ ᠠᠳᠬᠤᠵᠤ᠂ ᠬᠤᠲᠠ ᠬᠥᠳᠡᠭᠡ ᠶᠢᠨ ᠠᠭᠤᠰᠤᠯᠴᠠᠯ᠂ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ | ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ | ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠭᠦᠨᠵᠡᠭᠡᠢ ᠠᠬᠢᠭᠤᠯᠵᠤ᠂ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠢ ᠲᠦᠷᠭᠡᠳᠬᠡᠨ ᠪᠠᠶᠢᠭᠤᠯᠬᠤ | ᠬᠡᠷᠡᠭᠲᠡᠢ᠃ ᠪᠦᠭᠦ ᠬᠦᠴᠦᠨ ᠢᠶᠠᠷ ᠢᠶᠠᠨ ᠴᠢᠷᠮᠠᠶᠢᠬᠤ᠂ | ᠴᠢᠳᠠᠯ ᠤᠨ ᠬᠢᠷᠢ ᠪᠠᠷ ᠢᠶᠠᠨ ᠬᠢᠬᠦ ᠶᠢ ᠪᠠᠷᠢᠮᠲᠠᠯᠠᠵᠤ᠂ | ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ | ᠰᠠᠶᠢᠵᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ | ᠲᠥᠪ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠲᠤᠬᠠᠢ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠴᠢᠨᠠᠷ ᠰᠠᠶᠢᠲᠠᠢ | ᠨᠠᠶᠢᠳᠠᠪᠤᠷᠢᠵᠢᠭᠤᠯᠬᠤ ᠬᠡᠷᠡᠭᠲᠡᠢ᠃ ︽ᠬᠤᠣᠰ ᠪᠠᠶᠠᠷ︾ ᠤᠨ | ᠬᠤᠭᠤᠴᠠᠭᠠᠨ ᠳᠠᠬᠢ ᠴᠢᠬᠤᠯᠠ ᠠᠷᠠᠳ ᠤᠨ ᠠᠮᠢᠳᠤᠷᠠᠯ ᠤᠨ | ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ | ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠬᠥᠯᠥᠰᠦᠨ | ᠲᠠᠷᠢᠶᠠᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ | ᠶᠣᠰᠣᠭᠠᠷ ᠥᠭᠬᠦ ᠶᠢ ᠪᠠᠲᠤᠯᠠᠵᠤ᠂ ᠬᠦᠴᠢᠷᠳᠡᠯᠲᠡᠢ ᠣᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ | ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠠᠶᠢᠲᠤᠷ | ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ | ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠣᠨ ᠡᠯ᠎ᠡ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠪᠣᠯᠣᠨ ᠪᠦᠭᠦ | ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠤᠨ ᠡᠩᠨᠡᠭᠡ ᠶᠢᠨ ᠬᠥᠮᠦᠵᠢᠯ | ᠴᠡᠭᠴᠡᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ | ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ | ᠠᠬᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠰᠢᠰᠲ᠋ᠧᠮ ᠢ ᠪᠦᠷᠢᠨᠰᠢᠭᠦᠯᠬᠦ ᠶᠢ ᠦᠷᠭᠦᠯᠵᠢᠯᠡᠨ ᠠᠬᠢᠭᠤᠯᠵᠤ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ | ᠴᠡᠷᠢᠭ ᠢ ᠪᠠᠶᠢᠭᠤᠯᠬᠤ ᠶᠢ ᠴᠢᠩᠭ᠎ᠠ ᠬᠠᠮᠢᠶᠠᠷᠤᠨ ᠴᠢᠩᠭ᠎ᠠ | ᠵᠠᠰᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠰᠢᠨ᠎ᠡ | ᠠᠬᠢᠴᠠ ᠰᠢᠨ᠎ᠡ ᠦᠷ᠎ᠡ ᠪᠦᠲᠦᠮᠵᠢ ᠣᠯᠵᠠᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠰᠤᠷᠲᠠᠯ ᠢ | ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ | ᠡᠰᠡᠷᠭᠦᠴᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ | ᠬᠡᠷᠡᠭᠲᠡᠢ᠃ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ | ᠪᠦᠭᠦ ᠨᠠᠮ ᠢᠶᠠᠷ ᠢᠶᠠᠨ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠬᠤ ᠶᠢ ᠠᠬᠢᠭᠤᠯᠵᠤ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ | ᠪᠦᠯᠬᠦᠮᠳᠡᠯ ᠨᠢᠭᠡᠳᠦᠯ ᠢ ᠡᠷᠡᠰ ᠪᠠᠲᠤ ᠪᠦᠲᠦᠮᠵᠢᠲᠡᠢ | ᠬᠠᠮᠠᠭᠠᠯᠠᠬᠤ ᠬᠡᠷᠡᠭᠲᠡᠢ᠃ ᠢᠯᠵᠠᠷᠠᠯ ᠢ ᠡᠰᠡᠷᠭᠦᠴᠡᠬᠦ | ᠲᠡᠮᠡᠴᠡᠯ ᠢ ᠦᠷᠭᠦᠯᠵᠢᠯᠡᠨ ᠬᠦᠴᠦᠯᠡᠵᠦ᠂ | ᠭᠦᠨᠵᠡᠭᠡᠶᠢᠷᠡᠭᠦᠯᠦᠨ ᠠᠬᠢᠭᠤᠯᠵᠤ᠂ ᠨᠡᠯᠢᠶᠡᠳ ᠲᠣᠪᠣᠶᠢᠮ᠎ᠠ | ᠠᠵᠢᠯ ᠲᠦᠷᠦᠯ ᠤᠨ ᠴᠢᠨᠠᠷᠲᠠᠢ᠂ ᠰᠢᠰᠲ᠋ᠧᠮ ᠤᠨ ᠴᠢᠨᠠᠷᠲᠠᠢ᠂ | ᠣᠷᠣᠨ ᠪᠦᠰᠡ ᠶᠢᠨ ᠴᠢᠨᠠᠷᠲᠠᠢ ᠢᠯᠵᠠᠷᠠᠯ ᠤᠨ ᠠᠰᠠᠭᠤᠳᠠᠯ ᠢ | ᠲᠤᠰᠬᠠᠢ ᠴᠡᠭᠴᠡᠯᠡᠨ ᠵᠠᠰᠠᠵᠤ᠂ ᠤᠯᠠᠨ ᠲᠦᠮᠡᠨ ᠤ ᠳᠡᠷᠭᠡᠳᠡᠬᠢ | ︽ᠪᠠᠭ᠎ᠠ ᠱᠠᠮᠰᠢᠯ ᠪᠢᠴᠢᠯ ᠢᠯᠵᠠᠷᠠᠯ︾ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠬᠡᠭᠡᠯᠢ ᠢᠳᠡᠵᠦ ᠬᠠᠭ᠋ᠤᠤᠯᠢ ᠲᠦᠯᠬᠢᠬᠦ ᠶᠢ | ᠵᠡᠷᠭᠡ ᠪᠠᠷ ᠪᠠᠶᠢᠴᠠᠭᠠᠬᠤ ᠶᠢ ᠪᠠᠷᠢᠮᠲᠠᠯᠠᠨ᠂ ᠡᠬᠢ | ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ | ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ | ᠪᠠᠶᠢᠭᠤᠯᠤᠯᠲᠠ ᠶᠢ ᠴᠢᠩᠭᠠᠳᠬᠠᠨ᠂ ᠢᠯᠵᠠᠷᠠᠯ ᠤᠨ ᠡᠭᠦᠰᠦᠨ | ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠡᠷᠡᠰ | ᠠᠷᠢᠯᠭᠠᠬᠤ ᠬᠡᠷᠡᠭᠲᠡᠢ᠃ ︽ᠲᠦᠷᠪᠡᠨ ᠰᠤᠷᠲᠠᠯ︾ ᠤᠨ ᠠᠷᠬᠠᠭ ᠢ | ᠴᠢᠩᠭ᠎ᠠ ᠵᠠᠰᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠭ᠎ᠠ | ᠬᠡᠷᠡᠭᠵᠢᠭᠦᠯᠬᠦ ᠬᠡᠷᠡᠭᠲᠡᠢ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠲᠤᠰᠬᠠᠢ | ᠬᠠᠷᠢᠭᠤᠴᠠᠯᠭᠠᠲᠤ ᠬᠢᠨᠠᠯᠲᠠ ᠪᠣᠯᠣᠨ ᠪᠤᠰᠤᠳ ᠬᠢᠨᠠᠯᠲᠠ ᠶᠢᠨ | ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ ᠵᠠᠪᠰᠠᠷ | ᠦᠭᠡᠢ ᠬᠢᠨᠠᠯᠲᠠ ᠲᠠᠯᠪᠢᠬᠤ᠂ ᠬᠦᠴᠦ ᠪᠠᠨ ᠬᠠᠮᠲᠤᠳᠬᠠᠨ | ᠬᠢᠨᠠᠯᠲᠠ ᠲᠠᠯᠪᠢᠬᠤ ᠶᠢ ᠪᠡᠶᠡᠯᠡᠭᠦᠯᠵᠦ᠂ ᠬᠢᠨᠠᠯᠲᠠ | ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ | ᠬᠡᠷᠡᠭᠲᠡᠢ᠃ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ | ᠰᠠᠨᠠᠭ᠎ᠠ ᠪᠠᠷ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠡᠩᠨᠡᠭᠡ ᠶᠢ ᠳᠠᠪᠲᠠᠨ ᠪᠤᠯᠪᠠᠰᠤᠷᠠᠭᠤᠯᠵᠤ᠂ | ᠥᠪᠡᠷ ᠪᠡᠶ᠎ᠡ ᠶᠢᠨ ᠬᠤᠪᠢᠰᠬᠠᠯ ᠬᠢᠬᠦ ᠦᠯᠢᠭᠡᠷ ᠳᠠᠭᠤᠷᠢᠶᠠᠯ᠂ | ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ | ᠰᠠᠬᠢᠬᠤ ᠬᠡᠪ ᠳᠠᠭᠤᠷᠢᠶᠠᠯ ᠪᠤᠯᠬᠤ ᠪᠠᠷ ᠴᠢᠷᠮᠠᠶᠢᠬᠤ | ᠬᠡᠷᠡᠭᠲᠡᠢ ᠭᠡᠵᠦ ᠴᠢᠬᠤᠯᠠᠴᠢᠯᠠᠪᠠ᠃ | ᠡᠭᠦᠨ ᠠᠴᠠ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ | ᠡᠷᠭᠢᠯᠡᠨ ᠬᠤᠷᠠᠯᠳᠤᠭᠤᠯᠵᠤ᠂ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ | ᠵᠥᠪᠯᠡᠯ ᠤᠨ 2023 ᠣᠨ ᠤ ᠠᠵᠢᠯ ᠤᠨ ᠪᠠᠶᠢᠳᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠤᠨ ᠪᠡᠯᠡᠳᠬᠡᠯ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠢᠷᠡᠬᠦ ᠵᠢᠯ ᠤᠨ 1 ᠰᠠᠷ᠎ᠠ ᠶᠢᠨ 8 ᠠᠴᠠ 10 ᠤ | ᠡᠳᠦᠷ ᠪᠤᠯᠲᠠᠯ᠎ᠠ ᠬᠤᠷᠢᠳᠤᠭᠠᠷ ᠬᠤᠭᠤᠴᠠᠭᠠᠨ ᠤ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠶᠢ | ᠵᠥᠪᠰᠢᠶᠡᠷᠡᠪᠡ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠮᠠᠨ ᠤ ᠨᠠᠮ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ | ᠳᠦᠷᠢᠮ︾ ᠳᠤ ᠤᠷᠢᠳ ᠬᠤᠵᠢᠳ 3 ᠤᠳᠠᠭ᠎ᠠ ᠵᠠᠰᠠᠪᠤᠷᠢ | ᠣᠷᠣᠭᠤᠯᠤᠭᠰᠠᠨ ᠨᠢ ᠳᠠᠷᠤᠢ ᠢᠮᠠᠭᠲᠠ ᠴᠢᠩᠭ᠎ᠠ ᠪᠠᠶᠢᠬᠤ | ᠦᠨᠳᠦᠰᠦᠨ ᠭᠦᠭ ᠠᠶᠠᠰ ᠢ ᠪᠠᠷᠢᠮᠲᠠᠯᠠᠵᠤ᠂ ᠨᠠᠮ ᠤᠨ ᠰᠠᠬᠢᠯᠭ᠎ᠠ | ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ | ᠴᠢᠩᠭᠠᠳᠬᠠᠵᠤ᠂ ᠪᠦᠭᠦ ᠬᠡᠯᠬᠢᠶ᠎ᠡ ᠪᠦᠭᠦ ᠦᠶᠡᠯᠡᠯ ᠪᠦᠭᠦᠨ ᠢ | ᠬᠠᠮᠤᠷᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ | ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ | ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ | ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠪᠠᠨ | ᠲᠠᠰᠤᠷᠠᠯᠲᠠ ᠦᠭᠡᠢ ᠴᠢᠩᠭᠠᠳᠬᠠᠬᠤ ᠶᠢᠨ ᠲᠥᠯᠥᠭᠡ ᠶᠤᠮ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠣᠨ | ᠤᠯᠤᠰ ᠲᠦᠷᠦ ᠶᠢᠨ ᠶᠣᠰᠣ ᠳᠦᠷᠢᠮ ᠢ ᠴᠢᠨᠠᠭᠰᠢᠳᠠ ᠴᠢᠩᠳᠠᠯᠠᠵᠤ᠂ | ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠳᠠᠯᠠᠬᠤ ᠪᠠᠷ | ᠡᠯ᠎ᠡ ᠵᠦᠢᠯ ᠤᠨ ᠰᠠᠬᠢᠯᠭ᠎ᠠ ᠪᠠᠲᠤ ᠶᠢ ᠪᠦᠭᠦ ᠲᠠᠯ᠎ᠠ ᠪᠠᠷ | ᠴᠢᠩᠳᠠᠯᠠᠬᠤ ᠶᠢ ᠳᠠᠶᠢᠴᠢᠯᠠᠬᠤ ᠬᠡᠷᠡᠭᠲᠡᠢ᠃ ᠨᠠᠮᠴᠢ ᠴᠢᠨᠠᠷ | ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ | ᠠᠳᠬᠤᠬᠤ ᠶᠢ ᠪᠠᠷᠢᠮᠲᠠᠯᠠᠨ᠂ ᠰᠠᠬᠢᠯᠭ᠎ᠠ ᠪᠠᠲᠤ ᠶᠢᠨ | ᠬᠥᠮᠦᠵᠢᠯ ᠢ ᠪᠠᠶᠢᠩᠭᠤᠵᠢᠭᠤᠯᠬᠤ ᠶᠢ ᠠᠬᠢᠭᠤᠯᠵᠤ᠂ | ︽ᠳᠦᠷᠢᠮ︾ ᠤᠨ ᠤᠬᠠᠭᠤᠯᠭ᠎ᠠ ᠬᠥᠮᠦᠵᠢᠯ ᠤᠨ ᠡᠷᠴᠢᠮ ᠢ | ᠴᠢᠩᠭᠠᠷᠠᠭᠤᠯᠤᠨ᠂ ᠥᠷᠭᠡᠨ ᠤᠯᠠᠨ ᠨᠠᠮ ᠤᠨ ᠭᠡᠰᠢᠭᠦᠨ᠂ | ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ | ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ | ᠲᠣᠳᠣᠷᠬᠠᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ | ᠬᠥᠲᠥᠯᠥᠨ ᠵᠢᠯᠤᠭᠤᠳᠬᠤ ᠬᠡᠷᠡᠭᠲᠡᠢ᠃ ᠰᠠᠬᠢᠯᠭ᠎ᠠ ᠪᠠᠲᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠳᠦᠷᠢᠮ︾ ᠢ | ᠲᠤᠭᠤᠰᠢᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ | ᠰᠠᠬᠢᠯᠭ᠎ᠠ ᠪᠠᠲᠤ ᠬᠠᠤᠯᠢ ᠴᠠᠭᠠᠵᠠ ᠶᠢ ᠬᠡᠷᠡᠭᠵᠢᠭᠦᠯᠬᠦ ᠶᠢ | ᠨᠡᠪᠲᠡᠷᠡᠭᠦᠯᠬᠦ ᠶᠢ ᠠᠬᠢᠭᠤᠯᠵᠤ᠂ ᠰᠠᠬᠢᠯᠭ᠎ᠠ ᠪᠠᠲᠤ ᠶᠢᠨ | ᠬᠠᠲᠠᠭᠤ ᠴᠢᠩᠭ᠎ᠠ ᠴᠢᠨᠠᠷ᠂ ᠲᠥᠪ ᠴᠢᠩᠭ᠎ᠠ ᠴᠢᠨᠠᠷ ᠢ ᠦᠨᠡᠨ ᠬᠦ | ᠬᠠᠮᠠᠭᠠᠯᠠᠬᠤ ᠬᠡᠷᠡᠭᠲᠡᠢ᠃ ︽ᠲᠦᠷᠪᠡᠨ ᠵᠦᠢᠯ ᠤᠨ ᠭᠡᠯᠪᠡᠷᠢ | ᠪᠠᠶᠢᠳᠠᠯ︾ ᠢ ᠣᠨᠣᠪᠴᠢᠲᠠᠢ ᠬᠡᠷᠡᠭᠯᠡᠵᠦ᠂ ︽ᠭᠤᠷᠪᠠ ᠶᠢ | ᠢᠯᠭᠠᠨ ᠦᠵᠡᠬᠦ︾ ᠶᠢ ᠨᠠᠶᠢᠳᠠᠪᠤᠷᠢᠵᠢᠭᠤᠯᠵᠤ᠂ ᠴᠢᠩᠭ᠎ᠠ | ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ | ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠵᠦ᠂ ᠪᠦᠭᠦ | ᠨᠠᠮ ᠤᠨ ᠪᠦᠲᠦᠭᠡᠯᠴᠢ ᠬᠦᠴᠦᠨ ᠨᠢᠭᠲᠠᠷᠠᠯ ᠤᠨ ᠬᠦᠴᠦᠨ | ᠲᠠᠶᠢᠴᠢᠨ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ | ᠬᠡᠷᠡᠭᠲᠡᠢ ᠭᠡᠵᠦ ᠴᠢᠬᠤᠯᠠᠴᠢᠯᠠᠪᠠ᠃ | | | | |