| ᠲᠡᠭᠦᠷᠭᠡ ᠲᠣᠭᠤᠷᠢᠭ ᠤᠨ ᠵᠠᠰᠠᠭ ᠤᠨ ᠣᠷᠳᠣᠨ ᠠᠴᠠ ᠪᠠᠷᠠᠭᠤᠨᠰᠢ 71 ᠺᠢᠯᠣᠮᠧᠲᠷ ᠵᠠᠶᠢᠲᠠᠢ ᠪᠠᠶᠢᠷᠢᠯᠠᠵᠤ ᠪᠤᠢ᠂ ᠶᠤᠸᠠᠨ ᠤᠯᠤᠰ ᠤᠨ ᠦᠶ᠎ᠡ ᠳᠤ ᠲᠣᠰᠬᠤᠨ | ᠪᠠᠶᠢᠭᠤᠯᠤᠭᠰᠠᠨ ᠭᠡᠰᠡᠨ ᠤᠯᠠᠮᠵᠢᠯᠠᠯ ᠶᠠᠷᠢᠶ᠎ᠠ ᠲᠠᠢ᠂ ᠴᠢᠩ ᠤᠯᠤᠰ ᠤᠨ ᠡᠬᠢᠨ ᠤ ᠦᠶ᠎ᠡ ᠳᠤ ᠠᠳᠡ ᠸᠠᠩ ᠤᠨ ᠣᠷᠳᠣᠨ ᠪᠠᠶᠢᠭᠤᠯᠵᠤ᠂ ᠨᠠᠶᠢᠷᠠᠯᠲᠤ ᠲᠥᠪ ᠤᠨ | ᠲᠠᠪᠤᠳᠤᠭᠠᠷ ᠣᠨ ︵1727 ᠣᠨ︶ ᠳᠤ ᠪᠡᠶᠢᠰᠡ ᠸᠴᠢᠷ ᠰᠢᠨ᠎ᠡ ᠣᠷᠳᠣᠨ ᠪᠠᠶᠢᠭᠤᠯᠤᠭᠰᠠᠨ ᠠᠴᠠ ᠲᠣᠰ ᠭᠠᠵᠠᠷ ᠢ ︽ᠬᠠᠭᠤᠴᠢᠨ ᠬᠤᠷᠤᠭ᠎ᠠ︾ ᠬᠡᠮᠡᠨ | ᠨᠡᠷᠡᠯᠡᠭᠰᠡᠨ ᠪᠠᠶᠢᠨ᠎ᠠ᠃ 1984 ᠣᠨ ᠳᠤ ᠬᠠᠭᠤᠴᠢᠨ ᠬᠤᠷᠤᠭ᠎ᠠ ᠪᠠᠯᠭᠠᠰᠤ ᠶᠢ ᠪᠠᠶᠢᠭᠤᠯᠵᠠᠢ᠃ ᠬᠠᠷᠢᠶᠠᠨ ᠳᠤ ᠨᠢ 16 ᠲᠣᠰᠬᠤᠨ᠂ 105 ᠠᠶᠢᠯ᠂ 102 | ᠳᠤᠭᠤᠶᠢᠯᠠᠩ ᠲᠠᠢ᠃ 5425 ᠡᠷᠦᠬᠡ 23470 ᠬᠥᠮᠥᠨ ᠲᠠᠢ᠂ ᠬᠢᠲᠠᠳ ᠦᠨᠳᠦᠰᠦᠲᠡᠨ 17103 ᠬᠥᠮᠥᠨ᠂ ᠮᠣᠩᠭᠤᠯ ᠦᠨᠳᠦᠰᠦᠲᠡᠨ 5063 ᠬᠥᠮᠥᠨ᠂ | ᠮᠠᠨᠵᠤ᠂ ᠬᠤᠲᠣᠩ ᠦᠨᠳᠦᠰᠦᠲᠡᠨ 1304 ᠬᠥᠮᠥᠨ ᠪᠤᠢ᠃ | ᠣᠳᠣ ᠶᠢᠨ ᠵᠠᠮ ᠨᠢ ᠭᠤᠣᠯ ᠵᠠᠮ᠂ ᠳᠡᠳ᠋ ᠵᠠᠮ᠂ ᠬᠥᠨᠳᠡᠯᠡᠨ ᠵᠡᠭᠡᠯᠢ ᠲᠤᠰᠪᠤᠷᠢ ᠨᠢᠭᠡ᠂ 50 ᠭᠤᠳᠤᠮᠵᠢ ᠪᠠᠷ ᠪᠦᠷᠢᠯᠳᠦᠭᠰᠡᠨ ᠪᠠᠶᠢᠨ᠎ᠠ᠃ ᠭᠤᠣᠯ ᠵᠠᠮ ᠨᠢ | ᠡᠮᠦᠨᠡᠰᠢ ᠤᠮᠠᠷᠠᠰᠢ ᠴᠢᠭᠯᠡᠯ ᠲᠠᠢ᠂ ᠤᠤᠯ ᠳᠤ ᠪᠠᠨ ᠢᠪᠴᠤᠤ ᠮᠥᠷᠲᠡᠭᠡᠨ ᠡᠩᠬᠦᠯ ᠳᠤᠩᠬᠤᠯ ᠪᠠᠶᠢᠵᠠᠢ᠂ 1984 ᠣᠨ ᠠᠴᠠ 1986 ᠣᠨ ᠳᠤ 352 ᠲᠠᠰᠤᠯᠭ᠎ᠠ | ᠠᠯᠪᠠᠨ ᠤ ᠪᠠ ᠬᠤᠪᠢ ᠶᠢᠨ ᠭᠡᠷ ᠪᠠᠶᠢᠰᠢᠩ ᠬᠡᠷᠡᠮ ᠬᠦᠷᠢᠶ᠎ᠡ ᠶᠢ ᠨᠤᠷᠠᠭᠠᠵᠤ ᠥᠷᠭᠡᠳᠬᠡᠵᠡᠢ᠂ ᠵᠠᠮ ᠤᠨ ᠥᠷᠭᠡᠨ ᠨᠢ 8 ᠮᠧᠲᠷ᠂ ᠵᠠᠮ ᠤᠨ ᠤᠷᠲᠤ ᠨᠢ 2000 ᠮᠧᠲᠷ | ᠪᠠᠶᠢᠵᠤ᠂ 1989 ᠣᠨ ᠪᠣᠯᠲᠠᠯ᠎ᠠ ᠨᠢᠭᠡᠨᠲᠡ 1010 ᠮᠧᠲᠷ ᠢ ᠼᠧᠮᠧᠨ᠋ᠲ ᠵᠠᠮ ᠢᠶᠠᠷ ᠵᠠᠰᠠᠭᠰᠠᠨ ᠪᠠᠶᠢᠨ᠎ᠠ᠃ ᠳᠡᠳ᠋ ᠵᠠᠮ ᠨᠢ ᠡᠮᠦᠨᠡᠰᠢ ᠤᠮᠠᠷᠠᠰᠢ ᠴᠢᠭᠯᠡᠯ ᠲᠠᠢ᠂ | 1000 ᠮᠧᠲᠷ᠂ ᠰᠢᠷᠣᠢ ᠶᠢᠨ ᠵᠠᠮ᠃ 1986 ᠣᠨ ᠪᠣᠯᠬᠤ ᠳᠤ ᠴᠢᠯᠠᠭᠤ ᠪᠠᠷ ᠵᠡᠷᠭᠡᠯᠡᠭᠰᠡᠨ ᠤᠰᠤ ᠭᠠᠳᠠᠭᠰᠢᠯᠠᠭᠤᠯᠬᠤ ᠰᠤᠪᠠᠭ 2120 ᠮᠧᠲᠷ ᠵᠠᠰᠠᠭᠰᠠᠨ | ᠪᠠᠶᠢᠨ᠎ᠠ᠃ 1990 ᠣᠨ ᠳᠤ ᠦᠶᠡᠷ ᠤᠨ ᠬᠠᠰᠢᠯᠭ᠎ᠠ 1 ᠶᠢ ᠵᠠᠰᠠᠭᠰᠠᠨ ᠪᠠᠶᠢᠨ᠎ᠠ᠂ ᠤᠷᠲᠤ ᠨᠢ 60 ᠮᠧᠲᠷ᠃ 1984 ᠣᠨ ᠳᠤ 15 ᠲᠦᠮᠡᠨ ᠲᠥᠭᠦᠷᠢᠭ ᠤᠨ | ᠪᠡᠯᠡ ᠣᠷᠣᠭᠤᠯᠵᠤ᠂ ᠪᠠᠯᠭᠠᠰᠤ ᠪᠣᠯᠣᠨ ᠭᠠᠯᠲᠤ ᠲᠡᠷᠭᠡᠨ ᠥᠷᠲᠡᠭᠡ ᠶᠢᠨ ᠬᠤᠭᠤᠷᠣᠨᠳᠤ 1 ᠬᠥᠭᠦᠷᠭᠡ ᠵᠠᠰᠠᠭᠰᠠᠨ ᠪᠠᠶᠢᠨ᠎ᠠ᠂ 6 ᠭᠤᠯᠳᠤᠩ ᠲᠠᠢ᠂ ᠤᠷᠲᠤ ᠨᠢ 46 | ᠮᠧᠲᠷ᠂ ᠥᠷᠭᠡᠨ ᠨᠢ 8 ᠮᠧᠲᠷ᠃ ᠪᠠᠯᠭᠠᠰᠤᠨ ᠤ ᠬᠤᠶᠢᠲᠠᠢ 3 ᠭᠤᠯᠳᠣᠩᠲᠤ ᠴᠢᠯᠠᠭᠤᠨ ᠬᠥᠭᠦᠷᠭᠡ ᠲᠠᠢ᠂ 43.2×10 ᠮᠧᠲᠷ᠂ 1989 ᠣᠨ ᠳᠤ ᠪᠠᠶᠢᠭᠤᠯᠵᠠᠢ᠃ | ᠳᠡᠳ᠋ ᠵᠠᠮ ᠳᠠᠭᠠᠤ 2500 ᠰᠠᠭᠤᠷᠢ ᠤᠯᠢᠶᠠᠰᠤᠨ ᠮᠣᠳᠣ ᠳᠠᠷᠢᠭᠰᠠᠨ ᠪᠠᠶᠢᠨ᠎ᠠ᠃ 1985 ᠣᠨ ᠳᠤ ᠠᠵᠢᠯᠴᠢᠳ᠂ ᠰᠤᠷᠤᠭᠴᠢᠳ ᠢ ᠳᠠᠶᠢᠴᠢᠯᠠᠨ᠂ ᠵᠣᠷᠯᠣᠩ ᠤᠨ | ᠨᠦᠬᠡ ᠶᠢ ᠲᠡᠭᠰᠢᠯᠡᠨ 2500 ᠲᠡᠭᠰᠢ ᠳᠥᠷᠪᠡᠯᠵᠢᠨ ᠮᠧᠲᠷ ᠤᠨ ᠵᠦᠯᠭᠡ ᠲᠠᠷᠢᠵᠤ᠂ ᠳᠣᠲᠣᠷ᠎ᠠ ᠨᠢ ᠠᠵᠢᠨᠠᠢ ᠬᠥᠯᠥᠭ ᠤᠨ ᠱᠤᠭᠤᠮᠠᠯ᠂ ᠴᠡᠴᠡᠭ ᠤᠨ ᠲᠠᠪᠴᠠᠩ ᠪᠠ | ᠰᠠᠭᠰᠤᠨ ᠪᠥᠮᠪᠥᠭᠡᠨ ᠲᠠᠯᠠᠪᠠᠢ ᠪᠠᠶᠢᠭᠤᠯᠤᠭᠰᠠᠨ ᠪᠠᠶᠢᠨ᠎ᠠ᠃ ᠭᠤᠣᠯ ᠵᠠᠮ ᠳᠤ 26 ᠰᠠᠭᠤᠷᠢ ᠵᠠᠮ ᠤᠨ ᠳ᠋ᠧᠩ ᠤᠭᠰᠠᠷᠠᠭᠰᠠᠨ ᠪᠠᠶᠢᠨ᠎ᠠ᠃ | 1990 ᠣᠨ ᠤ ᠡᠴᠦᠰ ᠲᠤ 64000 ᠲᠡᠭᠰᠢ ᠳᠥᠷᠪᠡᠯᠵᠢᠨ ᠮᠧᠲᠷ ᠣᠷᠣᠨ ᠰᠠᠭᠤᠴᠠ ᠲᠠᠢ ᠪᠠᠶᠢᠵᠤ᠂ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ | ᠲᠠᠯᠠᠪᠠᠢ ᠨᠢ 10.9 ᠲᠡᠭᠰᠢ ᠳᠥᠷᠪᠡᠯᠵᠢᠨ ᠮᠧᠲᠷ᠂ ᠣᠯᠠᠨ ᠨᠡᠶᠢᠲᠡ ᠶᠢᠨ ᠪᠠ ᠦᠢᠯᠡᠳᠪᠦᠷᠢᠯᠡᠯ ᠤᠨ ᠪᠠᠷᠢᠯᠭ᠎ᠠ ᠲᠤᠰ ᠲᠤᠰ 31000᠂ 6000 ᠲᠡᠭᠰᠢ | ᠳᠥᠷᠪᠡᠯᠵᠢᠨ ᠮᠧᠲᠷ ᠪᠠᠶᠢᠪᠠ᠃ ᠪᠠᠯᠭᠠᠰᠤ ᠨᠢ 1440 ᠮᠦ ᠭᠠᠵᠠᠷ ᠡᠵᠡᠯᠡᠨ᠂ 1984 ᠠᠴᠠ 1989 ᠣᠨ ᠪᠣᠯᠲᠠᠯ᠎ᠠ ᠬᠤᠶᠠᠷ ᠵᠢᠷᠤᠭ ᠨᠢᠭᠡ ᠪᠢᠴᠢᠭ ᠤᠨ | ᠲᠥᠯᠦᠪᠵᠢᠭᠦᠯᠭᠡ ᠬᠢᠭᠰᠡᠨ ᠪᠦᠭᠡᠳ ᠲᠥᠯᠦᠪᠵᠢᠭᠦᠯᠭᠡ ᠶᠢ ᠲᠣᠬᠢᠷᠠᠭᠤᠯᠤᠨ ᠲᠡᠭᠦᠯᠳᠡᠷᠵᠢᠭᠦᠯᠦᠭᠰᠡᠨ ᠪᠠᠶᠢᠨ᠎ᠠ᠃ | ᠬᠠᠭᠤᠴᠢᠨ ᠬᠤᠷᠤᠭ᠎ᠠ ᠪᠠᠯᠭᠠᠰᠤ ᠨᠢ ᠤᠤᠯ ᠳᠤ ᠪᠠᠨ ᠤᠯᠠᠭᠠᠨᠬᠠᠳᠠ ᠠᠴᠠ ᠸᠧᠶᠢᠴᠠᠩ ᠬᠦᠷᠬᠦ ᠵᠠᠰᠠᠮᠠᠯ ᠵᠠᠮ ᠤᠨ ᠭᠤᠣᠯ ᠬᠦᠢᠰᠦ ᠪᠠᠶᠢᠵᠤ᠂ ᠡᠳᠦᠭᠡ ᠵᠢᠩ | ᠲᠥᠩ ᠲᠡᠮᠦᠷ ᠵᠠᠮ ᠤᠨ ᠱᠤᠭᠤᠮ ᠳᠡᠭᠡᠷᠡᠬᠢ ᠪᠠᠭ᠎ᠠ ᠪᠠᠯᠭᠠᠰᠤ ᠪᠣᠯᠤᠭᠰᠠᠨ ᠪᠠᠶᠢᠨ᠎ᠠ᠃ ᠴᠤᠭᠯᠠᠭ᠎ᠠ ᠵᠠᠬ᠎ᠠ ᠨᠢ ᠵᠠᠭᠤᠨ ᠵᠢᠯ ᠤᠨ ᠲᠡᠦᠬᠡ ᠲᠠᠢ᠂ 1985 ᠣᠨ ᠳᠤ | 3075 ᠲᠦᠮᠡᠨ ᠲᠥᠭᠦᠷᠢᠭ ᠵᠠᠷᠤᠴᠠᠭᠤᠯᠤᠨ᠂ 22.5 ᠮᠦ ᠲᠠᠷᠢᠶᠠᠯᠠᠩ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠪᠠᠶᠢᠭᠤᠯᠤᠭᠰᠠᠨ ᠪᠠᠶᠢᠨ᠎ᠠ᠃ | | | |