| ᠲᠡᠭᠦᠷᠭᠡ ᠲᠣᠭᠤᠷᠢᠭ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠠᠴᠠ ᠪᠠᠷᠠᠭᠤᠨᠰᠢ 35 ᠺᠢᠯᠣᠮᠧᠲᠷ ᠵᠠᠶᠢᠲᠠᠢ ᠪᠤᠢ᠂ ᠴᠢᠩ ᠤᠯᠤᠰ ᠤᠨ ᠡᠩᠬᠡ | ᠠᠮᠤᠭᠤᠯᠠᠩ ᠤᠨ ᠦᠶ᠎ᠡ ᠳᠤ ᠲᠣᠰᠬᠤᠨ ᠪᠠᠶᠢᠭᠤᠯᠵᠠᠢ᠂ ᠴᠢᠳᠬᠤᠯᠠᠩ ᠭᠡᠳᠡᠭ ᠨᠢ ᠮᠣᠩᠭᠤᠯ ᠦᠭᠡᠨ ᠳᠤ ︽ᠬᠤᠶᠠᠷ ᠭᠤᠣᠯ ᠤᠨ ᠤᠷᠤᠰᠬᠠᠯ ᠤᠨ ᠠᠭᠤᠯᠵᠠᠷ︾ ᠭᠡᠬᠦ | ᠤᠳᠬ᠎ᠠ ᠲᠠᠢ᠂ ᠢᠩᠭᠡ ᠶᠢᠨ ᠭᠤᠣᠯ᠂ ᠰᠢᠷᠭ᠎ᠠ ᠶᠢᠨ ᠭᠤᠣᠯ ᠤᠨ ᠤᠷᠤᠰᠬᠠᠯ ᠤᠨ ᠠᠭᠤᠯᠵᠠᠷ ᠬᠡᠰᠡᠭ ᠲᠤ ᠪᠠᠶᠢᠷᠢᠯᠠᠵᠤ ᠪᠣᠢ᠂ ᠬᠥᠷᠥᠰᠥ ᠰᠢᠷᠣᠢ ᠥᠩ ᠰᠢᠮᠡᠯᠢᠭ᠂ ᠡᠳ᠋ | ᠡᠯᠪᠡᠭ᠂ ᠠᠷᠠᠳ ᠪᠠᠶᠠᠨ ᠣᠷᠣᠨ ᠶᠤᠮ᠃ ᠳᠤᠮᠳᠠᠳᠤ ᠢᠷᠭᠡᠨ ᠤᠯᠤᠰ ᠤᠨ ᠠᠷᠪᠠ ᠶᠢᠰᠦᠳᠦᠭᠡᠷ ᠣᠨ ︵1913 ᠣᠨ︶ ᠳᠤ ᠤᠯᠠᠭᠠᠨᠬᠠᠳᠠ ᠰᠢᠶᠠᠨ ᠳᠤ | ᠬᠠᠷᠢᠶᠠᠯᠠᠭᠤᠯᠵᠤ᠂ ᠪᠠᠯᠭᠠᠰᠤ ᠪᠠᠶᠢᠭᠤᠯᠵᠤ ᠥᠩᠭᠡᠷᠡᠵᠡᠢ᠃ ᠴᠢᠯᠦᠭᠡᠯᠡᠭᠳᠡᠬᠦ ᠶᠢᠨ ᠡᠬᠢᠨ ᠤ ᠬᠤᠭᠤᠴᠠᠭᠠᠨ ᠳᠤ ᠨᠢᠭᠡᠨ ᠦᠶ᠎ᠡ ᡂᠢ ᠰᠢ ᠰᠢᠶᠠᠨ᠂ ᠣᠩᠨᠢᠭᠤᠳ ᠪᠠᠷᠠᠭᠤᠨ | ᠬᠤᠰᠢᠭᠤᠨ ᠤ ᠵᠠᠰᠠᠭ ᠤᠨ ᠣᠷᠳᠣᠨ ᠪᠠᠶᠢᠵᠤ᠂ ᠤᠯᠤᠰ ᠪᠠᠶᠢᠭᠤᠯᠤᠭᠳᠠᠭᠰᠠᠨ ᠠᠴᠠ 1952 ᠣᠨ ᠤ 2 ᠰᠠᠷ᠎ᠠ ᠪᠣᠯᠲᠠᠯ᠎ᠠ ᠤᠯᠠᠭᠠᠨᠬᠠᠳᠠ ᠰᠢᠶᠠᠨ ᠤ ᠵᠠᠰᠠᠭ ᠤᠨ | ᠣᠷᠳᠣᠨ ᠪᠠᠶᠢᠪᠠ᠃ ᠰᠡᠭᠦᠯᠡᠷ ᠨᠢ ᠰᠢᠶᠠᠩ᠂ ᠨᠢᠭᠡᠳᠦᠯ ᠪᠣᠯᠵᠤ᠂ 1984 ᠣᠨ ᠳᠤ ᠪᠠᠯᠭᠠᠰᠤ ᠪᠠᠶᠢᠭᠤᠯᠤᠭᠰᠠᠨ ᠪᠠᠶᠢᠨ᠎ᠠ᠃ ᠬᠠᠷᠢᠶᠠᠨ ᠳᠤ ᠨᠢ 9 ᠲᠣᠰᠬᠤᠨ ᠤ | ᠠᠷᠠᠳ ᠤᠨ ᠵᠥᠪᠯᠡᠯ᠂ 54 ᠠᠶᠢᠯ᠂ 87 ᠲᠣᠰᠬᠤᠨ ᠤ ᠠᠷᠠᠳ ᠤᠨ ᠳᠤᠭᠤᠶᠢᠯᠠᠩ᠂ 5437 ᠡᠷᠦᠬᠡ᠂ 22402 ᠬᠥᠮᠥᠨ ᠠᠮᠠ ᠲᠠᠢ᠂ ᠬᠢᠲᠠᠳ ᠦᠨᠳᠦᠰᠦᠲᠡᠨ | 18728 ᠬᠥᠮᠥᠨ᠂ ᠮᠣᠩᠭᠤᠯ ᠦᠨᠳᠦᠰᠦᠲᠡᠨ 2524 ᠬᠥᠮᠥᠨ᠂ ᠮᠠᠨᠵᠤ ᠦᠨᠳᠦᠰᠦᠲᠡᠨ 1184 ᠬᠥᠮᠥᠨ ᠪᠤᠢ᠃ | ᠭᠤᠣᠯ ᠵᠡᠭᠡᠯᠢ ᠭᠤᠳᠤᠮᠵᠢ ᠨᠢ ︽井︾ ᠦᠰᠦᠭ ᠤᠨ ᠬᠡᠯᠪᠡᠷᠢ ᠲᠠᠢ᠂ ᠨᠡᠷᠡᠶᠢᠳᠦᠯ ᠦᠭᠡᠢ᠃ ᠭᠤᠣᠯ ᠵᠠᠮ ᠨᠢ ᠵᠡᠭᠦᠨᠰᠢ ᠪᠠᠷᠠᠭᠤᠨᠰᠢ ᠴᠢᠭᠯᠡᠯ ᠲᠠᠢ᠂ 1990 | ᠣᠨ ᠳᠤ ᠥᠷᠭᠡᠳᠬᠡᠵᠦ᠂ 162 ᠲᠠᠰᠤᠯᠭ᠎ᠠ ᠭᠡᠷ ᠪᠠᠶᠢᠰᠢᠩ ᠢ ᠨᠤᠷᠠᠭᠠᠵᠤ᠂ ᠤᠷᠲᠤ ᠶᠢ ᠨᠢ 700 ᠮᠧᠲᠷ ᠪᠠᠶᠢᠭᠰᠠᠨ ᠠᠴᠠ 1100 ᠮᠧᠲᠷ ᠪᠣᠯᠭᠠᠨ | ᠤᠷᠳᠤᠳᠬᠠᠵᠠᠢ᠃ ᠵᠠᠮ ᠤᠨ ᠥᠷᠭᠡᠨ ᠨᠢ 10 ᠮᠧᠲᠷ᠂ ᠼᠧᠮᠧᠨ᠋ᠲ ᠵᠠᠮ ᠳᠡᠪᠢᠰᠴᠡᠢ᠃ ᠬᠤᠶᠠᠷ ᠲᠠᠯ᠎ᠠ ᠶᠢᠨ ᠨᠣᠭᠤᠭᠠᠷᠠᠭᠤᠯᠤᠯᠲᠠ ᠶᠢᠨ ᠪᠦᠰᠡ ᠶᠢᠨ ᠥᠷᠭᠡᠨ ᠨᠢ | ᠲᠤᠰᠪᠦᠷᠢ 2 ᠮᠧᠲᠷ᠂ ᠶᠠᠪᠠᠭᠠᠨ ᠵᠠᠮ ᠨᠢ ᠲᠤᠰᠪᠦᠷᠢ 2.5 ᠮᠧᠲᠷ᠂ ᠵᠠᠮ ᠤᠨ ᠲᠠᠯᠠᠪᠠᠢ ᠨᠢ 15751 ᠲᠡᠭᠰᠢ ᠳᠥᠷᠪᠡᠯᠵᠢᠨ ᠮᠧᠲᠷ᠃ ᠶᠠᠪᠠᠭᠠᠨ ᠵᠠᠮ ᠢ ᠴᠥᠮ | ᠼᠧᠮᠧᠨ᠋ᠲ ᠢᠶᠠᠷ 6000 ᠲᠡᠭᠰᠢ ᠳᠥᠷᠪᠡᠯᠵᠢᠨ ᠮᠧᠲᠷ ᠳᠡᠪᠢᠰᠦᠭᠰᠡᠨ ᠪᠠᠶᠢᠨ᠎ᠠ᠃ ᠬᠤᠳᠠᠯᠳᠤᠭᠠᠨ ᠤ ᠵᠡᠭᠡᠯᠢ ᠨᠢ ᠡᠮᠦᠨᠡᠰᠢ ᠤᠮᠠᠷᠠᠰᠢ ᠴᠢᠭᠯᠡᠯ ᠲᠠᠢ᠂ ᠤᠷᠲᠤ ᠨᠢ | 1000 ᠮᠧᠲᠷ᠂ ᠨᠠᠭᠠᠲᠤ ᠵᠠᠬ᠎ᠠ ᠶᠢᠨ ᠱᠤᠭᠤᠮ ᠨᠢ 20 ᠮᠧᠲᠷ᠂ ᠵᠠᠮ ᠤᠨ ᠥᠷᠭᠡᠨ ᠨᠢ 10 ᠮᠧᠲᠷ᠂ 1990 ᠣᠨ ᠳᠤ ᠼᠧᠮᠧᠨ᠋ᠲ ᠢᠶᠠᠷ ᠳᠡᠪᠢᠰᠦᠭᠰᠡᠨ ᠵᠠᠮ ᠤᠨ | ᠤᠷᠲᠤ ᠨᠢ 400 ᠮᠧᠲᠷ ᠪᠠᠶᠢᠪᠠ᠃ ᠬᠤᠶᠠᠷ ᠲᠠᠯ᠎ᠠ ᠪᠠᠷ ᠨᠢ ᠬᠤᠪᠢ ᠶᠢᠨ ᠳᠡᠯᠭᠡᠭᠦᠷ ᠬᠤᠳᠠᠯᠳᠤᠭ᠎ᠠ ᠣᠯᠠᠨ ᠪᠠᠶᠢᠪᠠ᠃ ᠬᠤᠶᠠᠷ ᠵᠠᠮ ᠤᠨ ᠠᠭᠤᠯᠵᠠᠷ ᠬᠡᠰᠡᠭ ᠲᠤ | ᠳ᠋ᠢᠶᠠᠮᠧᠲᠷ ᠨᠢ 8.5 ᠮᠧᠲᠷ ᠪᠦᠬᠦᠢ ᠴᠡᠴᠡᠭ ᠤᠨ ᠲᠠᠪᠴᠠᠩ ᠲᠠᠢ᠂ ᠮᠣᠳᠣᠨ ᠪᠠᠳᠮ᠎ᠠ ᠳ᠋ᠧᠩ ᠤᠭᠰᠠᠷᠠᠵᠤ᠂ ᠴᠡᠴᠡᠭ ᠡᠪᠡᠰᠦ ᠮᠣᠳᠣ ᠲᠠᠷᠢᠵᠤ ᠵᠡᠭᠡᠯᠢ ᠶᠢᠨ ᠭᠤᠣᠯ ᠢ | ᠴᠢᠮᠡᠭᠯᠡᠵᠦ ᠵᠠᠮ ᠢ ᠰᠠᠯᠭᠠᠭᠰᠠᠨ ᠪᠠᠶᠢᠨ᠎ᠠ᠃ 8 ᠭᠤᠳᠤᠮᠵᠢ ᠲᠠᠢ᠃ 1990 ᠣᠨ ᠳᠤ ᠭᠤᠣᠯ ᠵᠠᠮ ᠳᠤ 400 - 500 ᠮᠢᠯᠢᠮᠧᠲᠷ ᠤᠨ ᠤᠰᠤ ᠭᠠᠳᠠᠭᠰᠢᠯᠠᠭᠤᠯᠬᠤ | ᠬᠤᠭᠤᠯᠠᠢ ᠶᠢ 1123 ᠮᠧᠲᠷ ᠤᠭᠰᠠᠷᠠᠨ᠂ ᠭᠠᠵᠠᠷ ᠳᠣᠣᠭᠤᠷ ᠤᠰᠤ ᠭᠠᠳᠠᠭᠰᠢᠯᠠᠭᠤᠯᠬᠤ ᠶᠢ ᠪᠡᠶᠡᠯᠡᠭᠦᠯᠵᠦ᠂ ᠦᠯᠡᠳᠡᠭᠰᠡᠨ ᠨᠢ ᠢᠯᠡ ᠰᠤᠪᠠᠭ ᠢᠶᠠᠷ ᠤᠰᠤ | ᠲᠠᠲᠠᠷᠠᠭᠤᠯᠳᠠᠭ᠃ ᠡᠭᠦᠨ ᠤ ᠬᠠᠮᠲᠤ ᠬᠤᠶᠠᠷ ᠲᠠᠯ᠎ᠠ ᠶᠢᠨ ᠨᠣᠭᠤᠭᠠᠷᠠᠭᠤᠯᠤᠯᠲᠠ ᠶᠢᠨ ᠪᠦᠰᠡ ᠳᠤ 29 ᠨᠠᠲᠷᠢ ᠳ᠋ᠧᠩ ᠤᠭᠰᠠᠷᠠᠭᠰᠠᠨ ᠪᠠᠶᠢᠨ᠎ᠠ᠃ 1965 ᠣᠨ ᠳᠤ | ᠦᠶᠡᠷ ᠢ ᠰᠡᠷᠭᠡᠶᠢᠯᠡᠬᠦ ᠬᠠᠰᠢᠯᠭ᠎ᠠ 1 ᠵᠤᠷᠪᠤᠰ ᠪᠠᠶᠢᠭᠤᠯᠵᠠᠢ᠂ ᠤᠷᠲᠤ ᠨᠢ 5000 ᠮᠧᠲᠷ᠃ ᠪᠠᠯᠭᠠᠰᠤᠨ ᠤ ᠡᠮᠦᠨ᠎ᠡ 1985 ᠣᠨ ᠳᠤ 24 ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠴᠢᠯᠠᠭᠤᠨ ᠭᠤᠯᠳᠤᠩ ᠬᠥᠭᠦᠷᠭᠡ ᠪᠠᠶᠢᠭᠤᠯᠵᠠᠢ᠂ ᠤᠷᠲᠤ ᠨᠢ 70 ᠮᠧᠲᠷ᠂ ᠥᠷᠭᠡᠨ ᠨᠢ 7.5 ᠮᠧᠲᠷ᠃ ᠡᠭᠦᠨ ᠠᠴᠠ ᠭᠠᠳᠠᠨ᠎ᠠ᠂ | ᠬᠤᠶᠢᠲᠤ ᠶᠡᠭᠡ ᠵᠠᠮ ᠤᠨ ᠬᠥᠭᠦᠷᠭᠡ᠂ ᠯᠥᠩ ᠲᠠᠨ ᠭᠧᠦ ᠬᠥᠭᠦᠷᠭᠡ ᠶᠢ ᠪᠠᠶᠢᠭᠤᠯᠤᠭᠰᠠᠨ ᠪᠠᠶᠢᠨ᠎ᠠ᠂ ᠴᠥᠮ ᠪᠧᠲ᠋ᠣᠨ ᠬᠠᠪᠲᠠᠰᠤᠲᠤ ᠬᠥᠭᠦᠷᠭᠡ ᠪᠣᠯᠣᠨ᠎ᠠ᠃ ᠭᠤᠣᠯ | ᠵᠠᠮ ᠤᠨ ᠳᠣᠣᠷ᠎ᠠ ᠨᠢ ᠨᠢᠭᠡᠨᠲᠡ ᠱᠠᠵᠠᠩ ᠲᠦᠭᠡᠭᠡᠯ ᠤᠰᠤᠨ ᠬᠤᠭᠤᠯᠠᠢ ᠶᠢ 5 ᠵᠤᠷᠪᠤᠰ 110 ᠮᠧᠲᠷ ᠤᠷᠢᠳᠴᠢᠯᠠᠨ ᠤᠭᠰᠠᠷᠠᠭᠰᠠᠨ ᠪᠠᠶᠢᠨ᠎ᠠ᠃ | 1949 ᠣᠨ ᠠᠴᠠ ᠡᠮᠦᠨ᠎ᠡ ᠰᠠᠭᠤᠭᠠᠯᠢ ᠠᠷᠠᠳ ᠨᠡᠯᠢᠶᠡᠳ ᠣᠯᠠᠨ ᠪᠠᠶᠢᠵᠤ᠂ ᠲᠤᠬᠠᠢ ᠶᠢᠨ ᠦᠶ᠎ᠡ ᠳᠤ ᠪᠠᠶᠢᠭᠤᠯᠤᠭᠰᠠᠨ ᠭᠡᠷ ᠪᠠᠶᠢᠰᠢᠩ ᠨᠢ ᠡᠳᠦᠭᠡ | 3511 ᠲᠡᠭᠰᠢ ᠳᠥᠷᠪᠡᠯᠵᠢᠨ ᠮᠧᠲᠷ ᠪᠠᠶᠢᠵᠤ᠂ 1990 ᠣᠨ ᠳᠤ ᠭᠡᠷ ᠪᠠᠶᠢᠰᠢᠩ ᠨᠢ ᠨᠡᠶᠢᠲᠡ 132000 ᠲᠡᠭᠰᠢ ᠳᠥᠷᠪᠡᠯᠵᠢᠨ ᠮᠧᠲᠷ ᠪᠠᠶᠢᠵᠠᠢ᠂ ᠡᠭᠦᠨ ᠳᠤ | ᠣᠷᠣᠨ ᠰᠠᠭᠤᠴᠠ 80800 ᠲᠡᠭᠰᠢ ᠳᠥᠷᠪᠡᠯᠵᠢᠨ ᠮᠧᠲᠷ᠂ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠨᠢ 6 ᠲᠡᠭᠰᠢ ᠳᠥᠷᠪᠡᠯᠵᠢᠨ ᠮᠧᠲᠷ᠂ 5 | ᠰᠠᠭᠤᠭᠠᠯᠢ ᠡᠷᠦᠬᠡ ᠶᠢᠨ 2 ᠳᠠᠪᠬᠤᠷ ᠠᠰᠠᠷ ᠪᠠᠷᠢᠵᠤ᠂ ᠪᠠᠯᠭᠠᠰᠤᠨ ᠤ ᠵᠠᠰᠠᠭ ᠤᠨ ᠣᠷᠳᠣᠨ ᠨᠢ 3 ᠳᠠᠪᠬᠤᠷ ᠠᠰᠠᠷ ᠲᠠᠢ᠂ ᠣᠷᠣᠨ ᠰᠠᠭᠤᠴᠠ ᠶᠢᠨ ᠠᠰᠠᠷ 1 | ᠰᠠᠭᠤᠷᠢ ᠪᠠᠶᠢᠭᠤᠯᠤᠭᠰᠠᠨ ᠪᠠᠶᠢᠨ᠎ᠠ᠃ ᠣᠯᠠᠨ ᠨᠡᠶᠢᠲᠡ ᠶᠢᠨ ᠪᠠᠷᠢᠯᠭ᠎ᠠ 47000 ᠲᠡᠭᠰᠢ ᠳᠥᠷᠪᠡᠯᠵᠢᠨ ᠮᠧᠲᠷ ᠪᠠᠶᠢᠵᠤ᠂ 7 ᠰᠠᠭᠤᠷᠢ ᠠᠰᠠᠷ ᠪᠤᠢ᠂ 1988 | ᠣᠨ ᠳᠤ 53 ᠲᠦᠮᠡᠨ ᠲᠥᠭᠦᠷᠢᠭ ᠤᠨ ᠪᠡᠯᠡ ᠣᠷᠣᠭᠤᠯᠤᠨ᠂ 4 ᠳᠠᠪᠬᠤᠷ 2260 ᠲᠡᠭᠰᠢ ᠳᠥᠷᠪᠡᠯᠵᠢᠨ ᠮᠧᠲᠷ ᠤᠨ ᠵᠠᠰᠠᠭ ᠤᠨ ᠣᠷᠳᠣᠨ ᠤ ᠠᠯᠪᠠᠨ ᠠᠰᠠᠷ ᠢ | ᠪᠠᠶᠢᠭᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠬᠠᠩᠭᠠᠨ ᠪᠣᠷᠣᠯᠠᠭᠤᠯᠬᠤ᠂ ᠠᠷᠠᠯᠵᠢᠶ᠎ᠠ ᠬᠤᠳᠠᠯᠳᠤᠭ᠎ᠠ᠂ ᠰᠢᠤᠳᠠᠨ᠂ ᠡᠮᠨᠡᠯᠭᠡ ᠶᠢᠨ ᠬᠤᠷᠢᠶ᠎ᠠ᠂ ᠲᠣᠰᠬᠤᠨ | ᠪᠠᠯᠭᠠᠰᠤ ᠶᠢᠨ ᠬᠤᠯᠪᠣᠭᠠᠲᠤ ᠡᠵᠡᠩᠨᠡᠯᠲᠡ ᠶᠢᠨ 2 ᠳᠠᠪᠬᠤᠷ᠂ 6 ᠠᠰᠠᠷ ᠲᠠᠢ᠂ ᠦᠢᠯᠡᠳᠪᠦᠷᠢᠯᠡᠯ ᠤᠨ ᠪᠠᠷᠢᠯᠭ᠎ᠠ 4200 ᠲᠡᠭᠰᠢ ᠳᠥᠷᠪᠡᠯᠵᠢᠨ ᠮᠧᠲᠷ ᠪᠠᠶᠢᠪᠠ᠃ | ᠴᠢᠳᠬᠤᠯᠠᠩ ᠪᠠᠯᠭᠠᠰᠤ ᠪᠣᠯ ᠲᠡᠭᠦᠷᠭᠡ ᠲᠣᠭᠤᠷᠢᠭ ᠤᠨ ᠲᠠᠸᠠᠷ ᠤᠨ ᠠᠮᠤ ᠶᠢᠨ ᠰᠠᠭᠤᠷᠢᠨ ᠭᠠᠵᠠᠷ ᠤᠨ ᠨᠢᠭᠡ ᠪᠣᠯᠣᠨ᠎ᠠ᠂ ᠰᠢᠶᠠᠩ ᠪᠠᠯᠭᠠᠰᠤᠨ ᠤ ᠠᠵᠤ | ᠠᠬᠤᠶᠢᠯᠠᠯ ᠨᠡᠯᠢᠶᠡᠳ ᠬᠥᠭᠵᠢᠵᠦ᠂ ᠨᠡᠶᠢᠲᠡ 149 ᠠᠵᠤ ᠠᠬᠤᠶᠢᠯᠠᠯ᠂ 2171 ᠠᠵᠢᠯᠴᠢᠨ ᠲᠠᠢ᠂ ᠬᠥᠳᠡᠯᠮᠦᠷᠢ ᠬᠦᠴᠦᠨ ᠤ ᠶᠡᠷᠦᠩᠬᠡᠢ ᠲᠤᠭ᠎ᠠ ᠶᠢᠨ 31% ᠶᠢ | ᠡᠵᠡᠯᠡᠵᠦ ᠪᠠᠶᠢᠪᠠ᠃ ᠪᠠᠯᠭᠠᠰᠤᠨ ᠤ ᠠᠯᠲᠠᠨ ᠤ ᠠᠭᠤᠷᠬᠠᠢ ᠶᠢᠨ ᠵᠢᠯ ᠤᠨ ᠠᠯᠲᠠᠨ ᠤ ᠭᠠᠷᠤᠯᠲᠠ ᠨᠢ 2000 ᠯᠠᠩ᠂ ᠴᠠᠬᠢᠭᠤᠷ ᠤᠨ ᠬᠦᠳᠡᠷ ᠨᠢ ᠨᠡᠶᠢᠰᠯᠡᠯ | ᠬᠤᠲᠠ ᠶᠢᠨ ᠪᠣᠯᠣᠳ ᠲᠡᠮᠦᠷ ᠤᠨ ᠦᠢᠯᠡᠳᠪᠦᠷᠢ᠂ ᠾᠧᠪᠧᠢ᠂ ᠯᠢᠶᠣᠤᠨᠢᠩ ᠳᠤ ᠪᠣᠷᠣᠯᠠᠭᠤᠯᠤᠭᠳᠠᠵᠤ ᠪᠠᠶᠢᠪᠠ᠃ ᠪᠠᠷᠢᠯᠭ᠎ᠠ ᠶᠢᠨ ᠠᠩᠭᠢ ᠨᠢ 500 ᠭᠠᠷᠤᠢ ᠠᠵᠢᠯᠴᠢᠨ | ᠲᠠᠢ᠂ ᠵᠢᠷᠢᠮ ᠠᠶᠢᠮᠠᠭ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ᠂ ᠮᠦᠭᠳᠡᠨ ᠳᠤ ᠨᠡᠷ᠎ᠡ ᠠᠯᠳᠠᠷᠰᠢᠵᠠᠢ᠂ ᠵᠢᠯ ᠤᠨ ᠦᠢᠯᠡᠳᠬᠦᠨ ᠤ ᠥᠷᠲᠡᠭ ᠨᠢ 1277 ᠲᠦᠮᠡ | ᠲᠥᠭᠦᠷᠢᠭ᠃ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠬᠥᠮᠥᠨ ᠳᠤᠮᠳᠠᠴᠢ ᠶᠢᠨ ᠣᠷᠣᠯᠭ᠎ᠠ ᠨᠢ 421 ᠲᠥᠭᠦᠷᠢᠭ᠃ ᠳᠤᠮᠳᠠᠳᠤ ᠢᠷᠭᠡᠨ ᠤᠯᠤᠰ ᠤᠨ | ᠠᠷᠪᠠᠳᠤᠭᠠᠷ ᠣᠨ ᠳᠤ ᠴᠤᠭᠯᠠᠭ᠎ᠠ ᠵᠠᠬ᠎ᠠ ᠪᠠᠶᠢᠭᠤᠯᠵᠤ᠂ 1986 ᠣᠨ ᠳᠤ ᠪᠠᠯᠭᠠᠰᠤ ᠨᠢ 5.5 ᠲᠦᠮᠡᠨ ᠲᠥᠭᠦᠷᠢᠭ ᠤᠨ ᠪᠡᠯᠡ ᠣᠷᠣᠭᠤᠯᠵᠤ᠂ 20 ᠮᠦ ᠭᠠᠵᠠᠷ | ᠡᠵᠡᠯᠡᠨ ᠲᠠᠷᠢᠶᠠᠯᠠᠩ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠢ ᠪᠠᠶᠢᠭᠤᠯᠵᠤ᠂ 500 ᠮᠧᠲᠷ ᠬᠡᠷᠡᠮ᠂ ᠲᠠᠸᠠᠷ ᠤᠨ ᠲᠠᠪᠴᠠᠩ 30 ᠶᠢ ᠪᠠᠶᠢᠭᠤᠯᠤᠭᠰᠠᠨ ᠪᠠᠶᠢᠨ᠎ᠠ᠂ 3᠂ 6᠂ | 9 ᠤ ᠡᠳᠦᠷ ᠴᠤᠭᠯᠠᠭ᠎ᠠ ᠮᠠᠶᠢᠮᠠᠢ ᠡᠷᠬᠢᠯᠡᠵᠦ᠂ ᠵᠢᠯ ᠤᠨ ᠰᠣᠯᠢᠯᠴᠠᠭ᠎ᠠ ᠶᠢᠨ ᠬᠡᠮᠵᠢᠶ᠎ᠡ ᠨᠢ 100 ᠲᠦᠮᠡᠨ ᠲᠥᠭᠦᠷᠢᠭ ᠬᠦᠷᠳᠡᠭ᠃ | ᠪᠠᠯᠭᠠᠰᠤᠨ ᠳᠤ ᠤᠯᠤᠰ ᠠᠴᠠ ᠡᠵᠡᠩᠨᠡᠭᠰᠡᠨ ᠴᠠᠢ ᠬᠤ᠋ ᠯᠠᠨᠽᠢ ᠶᠢᠨ ᠠᠯᠳᠠᠨ ᠤ ᠠᠭᠤᠷᠬᠠᠢ ᠲᠠᠢ᠃ ᠪᠠᠰᠠ ᠬᠡᠪᠴᠢᠶ᠎ᠡ ᠪᠠᠷ ᠨᠡᠯᠢᠶᠡᠳ ᠶᠡᠭᠡ᠂ ᠲᠥᠪ ᠶᠡᠬᠡᠮᠰᠦᠭ | ᠴᠠᠢ ᠬᠡᠦ ᠯᠠᠨᠽᠢ ᠶᠢᠨ ᠨᠥᠭᠴᠢᠭᠰᠡᠨ ᠪᠠᠭᠠᠲᠤᠷᠴᠤᠳ ᠤᠨ ᠪᠤᠩᠬᠤᠨ ᠪᠤᠢ᠃ | | | |