| ᠲᠡᠭᠦᠷᠭᠡ ᠲᠣᠭᠤᠷᠢᠭ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠠᠴᠠ ᠪᠠᠷᠠᠭᠤᠨ ᠬᠤᠶᠢᠰᠢ 55 ᠺᠢᠯᠣᠮᠧᠲᠷ ᠵᠠᠶᠢᠲᠠᠢ ᠪᠤᠢ᠂ ᠬᠤᠶᠢᠲᠤ ᠠᠯᠲᠠᠨ | ᠤᠯᠤᠰ ᠤᠨ ᠲᠢᠶᠠᠨ ᠮᠢᠩ ᠤᠨ ᠦᠶ᠎ᠡ ᠳᠤ ᠲᠣᠰᠬᠤᠨ ᠪᠠᠶᠢᠵᠤ᠂ 1616 ᠣᠨ ᠤ ᠦᠶ᠎ᠡ ᠳᠤ ᠲᠣᠰᠬᠤᠨ ᠳᠤ ᠴᠢᠯᠠᠭᠤᠨ ᠰᠦᠮ᠎ᠡ ᠪᠠᠶᠢᠭᠰᠠᠨ ᠠᠴᠠ ᠶᠡᠬᠡᠰᠦ᠋ᠮ᠎ᠡ | ᠬᠡᠮᠡᠨ ᠨᠡᠷᠡᠶᠢᠳᠦᠭᠳᠡᠭᠰᠡᠨ ᠪᠠᠶᠢᠨ᠎ᠠ᠃ ᠴᠢᠩ ᠤᠯᠤᠰ ᠤᠨ ᠡᠩᠬᠡ ᠠᠮᠤᠭᠤᠯᠠᠩ ᠤᠨ ᠦᠶ᠎ᠡ ᠳᠤ ᠡᠩᠬᠡ ᠠᠮᠤᠭᠤᠯᠠᠩ ᠬᠠᠭᠠᠨ ᠤ 13 ᠳ᠋ᠤᠭᠠᠷ ᠥᠬᠢᠨ ᠬᠤᠱᠣᠢ | ᠲᠥᠯᠭᠡᠨ ᠭᠦᠩᠵᠦ ᠰᠠᠩᠵᠢᠨ ᠳᠤ ᠮᠣᠷᠳᠠᠵᠤ᠂ ᠠᠳᠡ ᠣᠩᠨᠢᠭᠤᠳ ᠪᠠᠷᠠᠭᠤᠨ ᠭᠠᠷᠤᠨ ᠬᠤᠰᠢᠭᠤ ᠶᠢᠨ ᠲᠥᠷᠥ ᠶᠢᠨ ᠳᠦᠭᠦᠷᠡᠩ ᠵᠢᠶᠦ᠋ᠨ ᠸᠠᠩ ᠤᠨ ᠣᠷᠳᠣᠨ ᠢ | ᠪᠠᠶᠢᠭᠤᠯᠵᠠᠢ᠂ ᠭᠦᠩᠵᠦ ᠨᠠᠰᠤ ᠪᠠᠷᠠᠭᠰᠠᠨ ᠤ ᠰᠡᠭᠦᠯᠡᠷ ᠠᠳᠡᠬᠢ ᠶᠢ ᠭᠦᠩᠵᠦ ᠶᠢᠨ ᠣᠩᠭᠤᠨ ᠰᠢᠶᠠᠩ ᠬᠡᠮᠡᠵᠦ᠂ ᠶᠡᠬᠡᠰᠦ᠋ᠮ᠎ᠡ ᠨᠢ ᠲᠡᠭᠦᠨ ᠳᠤ ᠬᠠᠷᠢᠶᠠᠯᠠᠭᠳᠠᠵᠤ ᠪᠠᠶᠢᠪᠠ᠃ | ᠴᠢᠩ ᠤᠯᠤᠰ ᠤᠨ ᠰᠠᠶᠢᠰᠢᠶᠠᠯᠲᠤ ᠢᠷᠦᠭᠡᠯᠲᠦ ᠶᠢᠨ ᠠᠷᠪᠠᠨ ᠳᠣᠯᠣᠳᠤᠭᠠᠷ ᠣᠨ ︵1812 ᠣᠨ︶ ᠳᠤ ᠤᠯᠠᠭᠠᠨᠬᠠᠳᠠ ᠰᠢᠶᠠᠨ ᠢ ᠪᠠᠶᠢᠭᠤᠯᠵᠤ ᠶᠡᠬᠡᠰᠦ᠋ᠮ᠎ᠡ ᠶᠢ | ᠵᠠᠬᠢᠷᠴᠤ ᠪᠠᠶᠢᠪᠠ᠃ ᠳᠤᠮᠳᠠᠳᠤ ᠢᠷᠭᠡᠨ ᠤᠯᠤᠰ ᠤᠨ ᠠᠷᠪᠠ ᠶᠢᠰᠦᠳᠦᠭᠡᠷ ᠣᠨ ︵1930 ᠣᠨ︶ ᠳᠤ ᠶᠡᠬᠡᠰᠦ᠋ᠮ᠎ᠡ ᠪᠠᠯᠭᠠᠰᠤ ᠶᠢ ᠪᠠᠶᠢᠭᠤᠯᠵᠤ᠂ ᠤᠯᠠᠭᠠᠨᠬᠠᠳᠠ | ᠰᠢᠶᠠᠨ ᠳᠤ ᠬᠠᠷᠢᠶᠠᠯᠠᠭᠤᠯᠵᠤ ᠪᠠᠶᠢᠪᠠ᠂ ᠬᠠᠭᠤᠷᠮᠠᠭ ᠮᠠᠨᠵᠤ ᠶᠢᠨ ᠦᠶ᠎ᠡ ᠳᠤ ᠶᠡᠬᠡᠰᠦ᠋ᠮ᠎ᠡ ᠵᠡᠭᠡᠯᠢ ᠶᠢ ᠪᠠᠶᠢᠭᠤᠯᠵᠤ᠂ ᠣᠩᠨᠢᠭᠤᠳ ᠪᠠᠷᠠᠭᠤᠨ ᠭᠠᠷᠤᠨ ᠬᠤᠰᠢᠭᠤᠨ ᠳᠤ | ᠬᠠᠷᠢᠶᠠᠯᠠᠭᠤᠯᠵᠤ ᠪᠠᠶᠢᠪᠠ᠃ ᠴᠢᠯᠦᠭᠡᠯᠡᠭᠳᠡᠭᠰᠡᠨ ᠤ ᠳᠠᠷᠠᠭ᠎ᠠ 1947 ᠣᠨ ᠳᠤ ᠤᠤᠯ ᠳᠤ ᠪᠠᠨ ᡂᠢ ᠰᠢ ᠰᠢᠶᠠᠨ᠂ ᠣᠩᠨᠢᠭᠤᠳ ᠪᠠᠷᠠᠭᠤᠨ ᠬᠤᠰᠢᠭᠤ ᠶᠢᠨ ᠵᠠᠰᠠᠭ ᠤᠨ | ᠣᠷᠳᠣᠨ ᠤ ᠪᠠᠶᠢᠭ᠎ᠠ ᠭᠠᠵᠠᠷ ᠪᠠᠶᠢᠵᠤ᠂ ᠰᠡᠭᠦᠯᠡᠷ ᠨᠢ ᠲᠣᠭᠤᠷᠢᠭ᠂ ᠰᠢᠶᠠᠩ᠂ ᠨᠢᠭᠡᠳᠦᠯ ᠪᠣᠯᠵᠤ᠂ 1984 ᠣᠨ ᠳᠤ ᠶᠡᠬᠡᠰᠦ᠋ᠮ᠎ᠡ ᠪᠠᠯᠭᠠᠰᠤ ᠶᠢ ᠪᠠᠶᠢᠭᠤᠯᠤᠭᠰᠠᠨ | ᠪᠠᠶᠢᠨ᠎ᠠ᠃ ᠬᠠᠷᠢᠶᠠᠨ ᠳᠤ ᠨᠢ 19 ᠲᠣᠰᠬᠤᠨ᠂ 118 ᠠᠶᠢᠯ᠂ 164 ᠳᠤᠭᠤᠶᠢᠯᠠᠩ᠂ 6665 ᠡᠷᠦᠬᠡ᠂ 28018 ᠬᠥᠮᠥᠨ ᠠᠮᠠ ᠲᠠᠢ᠂ ᠬᠢᠲᠠᠳ ᠦᠨᠳᠦᠰᠦᠲᠡᠨ | 19887 ᠬᠥᠮᠥᠨ᠂ ᠮᠣᠩᠭᠤᠯ ᠦᠨᠳᠦᠰᠦᠲᠡᠨ 4947 ᠬᠥᠮᠥᠨ᠂ ᠮᠠᠨᠵᠤ ᠦᠨᠳᠦᠰᠦᠲᠡᠨ 2744 ᠬᠥᠮᠥᠨ᠂ ᠬᠤᠲᠣᠩ᠂ ᠰᠣᠯᠣᠩᠭᠤᠰ ᠦᠨᠳᠦᠰᠦᠲᠡᠨ 502 | ᠬᠥᠮᠥᠨ ᠪᠠᠶᠢᠪᠠ᠃ | ᠵᠡᠭᠡᠯᠢ ᠭᠤᠳᠤᠮᠵᠢ ᠨᠢ ︽T︾ ᠦᠰᠦᠭ ᠤᠨ ᠬᠡᠯᠪᠡᠷᠢ ᠲᠠᠢ᠃ ᠭᠤᠣᠯ ᠵᠠᠮ ᠪᠣᠯᠬᠤ ᠶᠡᠬᠡᠰᠦ᠋ᠮ᠎ᠡ ᠵᠡᠭᠡᠯᠢ ᠨᠢ ᠵᠡᠭᠦᠨᠰᠢ ᠪᠠᠷᠠᠭᠤᠨᠰᠢ ᠴᠢᠭᠯᠡᠯ ᠲᠠᠢ᠂ | ᠲᠡᠦᠬᠡᠨ ᠠᠴᠠ ᠦᠯᠡᠳᠡᠭᠳᠡᠭᠰᠡᠨ ᠡᠷᠲᠡᠨ ᠤ ᠵᠠᠮ ᠪᠣᠯᠣᠨ᠎ᠠ᠃ 1985 ᠣᠨ ᠳᠤ ᠥᠷᠭᠡᠳᠬᠡᠵᠦ᠂ ᠤᠷᠲᠤ ᠨᠢ 1020 ᠮᠧᠲᠷ᠂ ᠵᠠᠮ ᠤᠨ ᠥᠷᠭᠡᠨ ᠨᠢ 18 - 20 | ᠮᠧᠲᠷ ᠤᠨ ᠬᠠᠶᠢᠷ ᠴᠢᠯᠠᠭᠤᠨ ᠵᠠᠮ ᠪᠣᠯᠭᠠᠪᠠ᠃ ᠨᠠᠮ ᠵᠠᠰᠠᠭ ᠤᠨ ᠪᠠᠶᠢᠭᠤᠯᠭ᠎ᠠ ᠵᠡᠷᠭᠡ ᠶᠢ ᠲᠤᠰ ᠵᠡᠭᠡᠯᠢ ᠳᠤ ᠪᠠᠶᠢᠭᠤᠯᠤᠭᠰᠠᠨ ᠪᠠᠶᠢᠨ᠎ᠠ᠃ ᠳᠡᠳ᠋ ᠵᠠᠮ ᠪᠣᠯᠬᠤ ᠬᠤᠶᠢᠲᠤ | ᠵᠡᠭᠡᠯᠢ ᠨᠢ ᠡᠮᠦᠨᠡᠰᠢ ᠤᠮᠠᠷᠠᠰᠢ ᠴᠢᠭᠯᠡᠯ ᠲᠠᠢ᠂ ᠤᠷᠲᠤ ᠨᠢ 450 ᠮᠧᠲᠷ᠂ ᠵᠠᠮ ᠤᠨ ᠥᠷᠭᠡᠨ ᠨᠢ 14 ᠮᠧᠲᠷ᠂ ᠬᠠᠶᠢᠷ ᠴᠢᠯᠠᠭᠤᠨ ᠵᠠᠮ ᠪᠠᠶᠢᠵᠤ᠂ ᠬᠤᠪᠢ ᠶᠢᠨ | ᠬᠤᠳᠠᠯᠳᠤᠭ᠎ᠠ ᠣᠯᠠᠨ ᠪᠠᠶᠢᠪᠠ᠃ ᠨᠡᠶᠢᠲᠡ 20 ᠭᠤᠳᠤᠮᠵᠢ ᠲᠠᠢ᠂ ᠬᠠᠮᠤᠭ ᠤᠨ ᠤᠷᠲᠤ ᠨᠢ 400 ᠭᠠᠷᠤᠢ ᠮᠧᠲᠷ᠃ 1985 ᠣᠨ ᠠᠴᠠ ᠰᠡᠭᠦᠯᠡᠷ ᠶᠡᠬᠡᠰᠦ᠋ᠮ᠎ᠡ | ᠪᠠᠯᠭᠠᠰᠤᠨ ᠳᠤ ᠴᠢᠯᠠᠭᠤ ᠪᠠᠷ ᠵᠡᠷᠭᠡᠯᠡᠭᠰᠡᠨ ᠪᠢᠲᠡᠭᠦᠦ ᠤᠰᠤ ᠭᠠᠳᠠᠭᠰᠢᠯᠠᠭᠤᠯᠬᠤ ᠰᠤᠪᠠᠭ 1500 ᠮᠧᠲᠷ ᠵᠠᠰᠠᠵᠠᠢ᠃ 1983 ᠣᠨ ᠳᠤ ᠦᠶᠡᠷ ᠤᠨ ᠬᠠᠰᠢᠯᠭ᠎ᠠ 2 | ᠺᠢᠯᠣᠮᠧᠲᠷ ᠵᠠᠰᠠᠭᠰᠠᠨ ᠪᠠᠶᠢᠨ᠎ᠠ᠃ ᠪᠠᠯᠭᠠᠰᠤᠨ ᠤ ᠵᠡᠭᠦᠨᠲᠡᠢ ᠬᠤᠯᠢᠮᠠᠭ ᠪᠦᠲᠦᠴᠡᠲᠦ ᠬᠥᠭᠦᠷᠭᠡ 1 ᠰᠠᠭᠤᠷᠢ ᠪᠠᠶᠢᠭᠤᠯᠵᠤ᠂ ᠤᠷᠲᠤ ᠨᠢ 102 ᠮᠧᠲᠷ᠂ ᠥᠷᠭᠡᠨ ᠨᠢ | 10 ᠮᠧᠲᠷ᠂ 1979 ᠣᠨ ᠳᠤ ᠪᠠᠶᠢᠭᠤᠯᠤᠭᠰᠠᠨ ᠪᠠᠶᠢᠨ᠎ᠠ᠃ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠳᠤ ᠨᠠᠷᠠᠰᠤᠨ ᠮᠣᠳᠣ 250 ᠰᠠᠭᠤᠷᠢ ᠲᠠᠷᠢᠵᠤ᠂ | ᠪᠤᠰᠤᠳ ᠨᠢ ᠤᠯᠢᠶᠠᠰᠤᠨ ᠮᠣᠳᠣ ᠪᠣᠯᠣᠨ᠎ᠠ᠃ | ᠪᠦᠬᠦ ᠪᠠᠯᠭᠠᠰᠤ ᠨᠢ ᠲᠠᠷᠢᠶᠠᠯᠠᠩ ᠤᠨ ᠦᠢᠯᠡᠳᠪᠦᠷᠢᠯᠡᠯ ᠢᠶᠠᠷ ᠭᠤᠣᠯᠯᠠᠵᠤ ᠪᠠᠶᠢᠭᠰᠠᠨ ᠴᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠪᠣᠯᠣᠨ ᠰᠢᠶᠠᠩ | ᠪᠠᠯᠭᠠᠰᠤᠨ ᠤ ᠠᠵᠤ ᠠᠬᠤᠶᠢᠯᠠᠯ ᠨᠡᠯᠢᠶᠡᠳ ᠬᠥᠭᠵᠢᠭᠰᠡᠨ ᠪᠠᠶᠢᠨ᠎ᠠ᠃ ᠴᠢᠩ ᠤᠯᠤᠰ ᠤᠨ ᠰᠡᠭᠦᠯᠴᠢ ᠶᠢᠨ ᠦᠶ᠎ᠡ ᠳᠤ ᠨᠢᠭᠡᠨᠲᠡ ᠴᠤᠭᠯᠠᠭ᠎ᠠ ᠵᠠᠬ᠎ᠠ ᠪᠤᠢ ᠪᠣᠯᠵᠤ᠂ | ᠵᠠᠮ ᠤᠨ ᠵᠠᠬ᠎ᠠ ᠳᠡᠯᠭᠡᠭᠦᠷ ᠪᠣᠯᠣᠭᠰᠠᠭᠠᠷ ᠢᠷᠡᠵᠡᠢ᠃ 1985 ᠣᠨ ᠳᠤ 2.9 ᠲᠦᠮᠡᠨ ᠲᠥᠭᠦᠷᠢᠭ ᠤᠨ ᠪᠡᠯᠡ ᠣᠷᠣᠭᠤᠯᠤᠨ ᠭᠤᠣᠯ ᠵᠡᠭᠡᠯᠢ ᠶᠢᠨ ᠵᠡᠭᠦᠨ ᠬᠤᠶᠢᠲᠤ | ᠲᠠᠯ᠎ᠠ ᠠᠴᠠ 11.2 ᠮᠦ ᠭᠠᠵᠠᠷ 380 ᠮᠧᠲᠷ ᠬᠡᠷᠡᠮ᠂ 120 ᠲᠡᠭᠰᠢ ᠳᠥᠷᠪᠡᠯᠵᠢᠨ ᠮᠧᠲᠷ ᠪᠠᠷᠠᠭ᠎ᠠ ᠬᠤᠳᠠᠯᠳᠤᠬᠤ ᠲᠠᠪᠴᠠᠩ ᠪᠠᠶᠢᠭᠤᠯᠤᠭᠰᠠᠨ ᠪᠠᠶᠢᠨ᠎ᠠ᠂ 2᠂ 5᠂ | 8 ᠤ ᠡᠳᠦᠷ ᠴᠤᠭᠯᠠᠭ᠎ᠠ ᠮᠠᠶᠢᠮᠠᠢ ᠡᠷᠬᠢᠯᠡᠵᠦ᠂ ᠵᠢᠯ ᠤᠨ ᠠᠷᠠᠯᠵᠢᠶ᠎ᠠ ᠶᠢᠨ ᠬᠡᠮᠵᠢᠶ᠎ᠡ ᠨᠢ 90 ᠲᠦᠮᠡᠨ ᠲᠥᠭᠦᠷᠢᠭ᠃ ᠰᠢᠶᠠᠩ ᠪᠠᠯᠭᠠᠰᠤᠨ ᠤ ᠠᠵᠤ ᠠᠬᠤᠶᠢᠯᠠᠯ 337 | ᠪᠠᠶᠢᠵᠤ᠂ ᠪᠠᠷᠢᠯᠭ᠎ᠠ ᠶᠢᠨ ᠠᠩᠭᠢ 10᠂ ᠠᠵᠢᠯᠴᠢᠨ 300 ᠬᠥᠮᠥᠨ ᠲᠠᠢ᠂ ᠤᠯᠠᠭᠠᠨᠬᠠᠳᠠ᠂ ᠰᠢᠯᠢ ᠶᠢᠨ ᠭᠤᠣᠯ ᠠᠶᠢᠮᠠᠭ ᠤᠨ ᠪᠠᠷᠢᠯᠭ᠎ᠠ ᠶᠢᠨ ᠵᠠᠬ᠎ᠠ ᠳᠡᠯᠭᠡᠭᠦᠷ ᠲᠤ | ᠵᠣᠬᠢᠬᠤ ᠨᠡᠷ᠎ᠡ ᠠᠯᠳᠠᠷ ᠲᠠᠢ ᠪᠠᠶᠢᠪᠠ᠃ ᠶᠡᠬᠡᠰᠦ᠋ᠮ᠎ᠡ ᠪᠠᠯᠭᠠᠰᠤ ᠨᠢ ᠲᠡᠭᠦᠷᠭᠡ ᠲᠣᠭᠤᠷᠢᠭ ᠤᠨ ᠪᠠᠷᠠᠭᠤᠨ ᠬᠤᠶᠢᠲᠤ ᠶᠢᠨ ᠶᠡᠭᠡ ᠢᠩᠲᠦ᠂ ᠳ᠋ᠦᠩ ᠱᠠᠨ᠂ ᠳ᠋ᠠᠢ ᠹᠦ᠋ | ᠶᠢᠩᠽᠢ᠂ ᠭᠦ᠋ ᠱᠠᠨ ᠽᠢ ᠣᠷᠣᠨ ᠤ ᠠᠵᠤ ᠠᠬᠤᠢ ᠠᠷᠠᠯᠵᠢᠶ᠎ᠠ ᠬᠤᠳᠠᠯᠳᠤᠭ᠎ᠠ ᠶᠢᠨ ᠲᠥᠪ ᠪᠣᠯᠤᠭᠰᠠᠨ ᠪᠠᠶᠢᠨ᠎ᠠ᠃ | | | |