| ᠲᠡᠭᠦᠷᠭᠡ ᠲᠣᠭᠤᠷᠢᠭ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠠᠴᠠ ᠵᠡᠭᠦᠨ ᠬᠤᠶᠢᠰᠢ 58 ᠺᠢᠯᠣᠮᠧᠲᠷ ᠵᠠᠶᠢᠲᠠᠢ᠂ ᠴᠦᠨᠳᠦᠪ ᠤᠨ ᠭᠤᠣᠯ ᠤᠨ | ᠬᠥᠪᠡᠭᠡᠨ ᠳᠤ ᠪᠠᠶᠢᠷᠢᠯᠠᠵᠤ ᠪᠤᠢ᠃ ᠴᠢᠩ ᠤᠯᠤᠰ ᠤᠨ ᠡᠬᠢᠨ ᠤ ᠦᠶ᠎ᠡ ᠳᠤ ᠨᠢᠭᠡᠨᠲᠡ ᠲᠣᠰᠬᠤᠨ ᠪᠣᠯᠵᠤ᠂ ᠣᠩᠨᠢᠭᠤᠳ ᠪᠠᠷᠠᠭᠤᠨ ᠭᠠᠷᠤᠨ ᠬᠤᠰᠢᠭᠤ ᠳᠤ | ᠬᠠᠷᠢᠶᠠᠯᠠᠭᠳᠠᠵᠤ ᠪᠠᠶᠢᠪᠠ᠃ ᠳᠤᠮᠳᠠᠳᠤ ᠢᠷᠭᠡᠨ ᠤᠯᠤᠰ ᠠᠴᠠ ᠰᠡᠭᠦᠯᠡᠷ ᠤᠷᠢᠳ ᠬᠤᠵᠢᠳ ᠤᠯᠠᠭᠠᠨᠬᠠᠳᠠ ᠰᠢᠶᠠᠨ᠂ ᠣᠩᠨᠢᠭᠤᠳ ᠪᠠᠷᠠᠭᠤᠨ ᠭᠠᠷᠤᠨ ᠬᠤᠰᠢᠭᠤ᠂ ᠰᠢᠨ | ᠬᠤᠢ ᠰᠢᠶᠠᠨ᠂ ᠣᠩᠨᠢᠭᠤᠳ ᠠᠤᠬᠠᠨ ᠤ ᠬᠤᠯᠪᠣᠭᠠᠲᠤ ᠬᠤᠰᠢᠭᠤ᠂ ᠤᠯᠠᠭᠠᠨᠬᠠᠳᠠ ᠬᠤᠲᠠ ᠶᠢᠨ ᠬᠠᠷᠢᠶᠠᠯᠠᠯ ᠳᠤ ᠪᠠᠶᠢᠵᠤ ᠥᠩᠭᠡᠷᠡᠵᠡᠢ᠃ 1984 ᠣᠨ ᠳᠤ ᠪᠠᠯᠭᠠᠰᠤ | ᠪᠠᠶᠢᠭᠤᠯᠵᠤ᠂ ᠲᠡᠭᠦᠷᠭᠡ ᠲᠣᠭᠤᠷᠢᠭ ᠲᠤ ᠬᠠᠷᠢᠶᠠᠯᠠᠭᠳᠠᠭᠰᠠᠨ ᠪᠠᠶᠢᠨ᠎ᠠ᠃ ᠬᠠᠷᠢᠶᠠᠨ ᠳᠤ ᠨᠢ 6 ᠲᠣᠰᠬᠤᠨ ᠤ ᠠᠷᠠᠳ ᠤᠨ ᠵᠥᠪᠯᠡᠯ᠂ 32 ᠠᠶᠢᠯ᠂ 57 ᠳᠤᠭᠤᠶᠢᠯᠠᠩ᠂ | 3649 ᠡᠷᠦᠬᠡ᠂ 15131 ᠬᠥᠮᠥᠨ ᠠᠮᠠ ᠪᠤᠢ᠃ ᠡᠭᠦᠨ ᠳᠤ ᠬᠢᠲᠠᠳ ᠦᠨᠳᠦᠰᠦᠲᠡᠨ 15065 ᠬᠥᠮᠥᠨ ᠪᠠᠶᠢᠵᠤ᠂ ᠮᠣᠩᠭᠤᠯ ᠦᠨᠳᠦᠰᠦᠲᠡᠨ ᠵᠡᠷᠭᠡ ᠴᠥᠭᠡᠨ | ᠲᠣᠭᠠᠲᠤ ᠦᠨᠳᠦᠰᠦᠲᠡᠨ 66 ᠬᠥᠮᠥᠨ ᠪᠤᠢ᠃ | 1985 ᠣᠨ ᠳᠤ ᠬᠤᠶᠠᠷ ᠵᠢᠷᠤᠭ ᠨᠢᠭᠡ ᠪᠢᠴᠢᠭ ᠤᠨ ᠲᠥᠯᠦᠪᠵᠢᠭᠦᠯᠭᠡ ᠬᠢᠵᠦ᠂ 1988 ᠣᠨ ᠳᠤ ᠪᠠᠯᠭᠠᠰᠤᠨ ᠤ ᠵᠡᠭᠡᠯᠢ ᠭᠤᠳᠤᠮᠵᠢ ᠶᠢ ᠨᠡᠷᠡᠶᠢᠳᠴᠦ᠂ | ᠨᠡᠶᠢᠲᠡ 4 ᠵᠡᠭᠡᠯᠢ ᠲᠠᠢ ᠪᠠᠶᠢᠪᠠ᠃ ᠭᠤᠣᠯ ᠵᠠᠮ ᠪᠣᠯᠬᠤ ᠬᠠᠷᠠᠲᠣᠬᠤᠢ ᠵᠡᠭᠡᠯᠢ ᠶᠢ 1985 ᠣᠨ ᠳᠤ ᠲᠥᠯᠥᠪᠵᠢᠭᠦᠯᠦᠨ ᠥᠷᠭᠡᠳᠬᠡᠵᠦ᠂ ᠬᠡᠰᠡᠭ ᠬᠡᠷᠡᠮ ᠬᠠᠰᠢᠶ᠎ᠠ᠂ | ᠫᠧᠩ ᠰᠠᠷᠠᠪᠴᠢ ᠶᠢ ᠨᠤᠷᠠᠭᠠᠵᠤ᠂ 1989 ᠣᠨ ᠳᠤ 18.5 ᠲᠦᠮᠡᠨ ᠲᠥᠭᠦᠷᠢᠭ ᠤᠨ ᠪᠡᠯᠡ ᠴᠤᠭᠯᠠᠭᠤᠯᠤᠨ ᠼᠧᠮᠧᠨ᠋ᠲ ᠵᠠᠮ ᠵᠠᠰᠠᠵᠠᠢ᠂ ᠤᠷᠲᠤ ᠨᠢ 1048 ᠮᠧᠲᠷ᠂ | ᠥᠷᠭᠡᠨ ᠨᠢ 8 ᠮᠧᠲᠷ ᠪᠤᠢ᠃ 1987 ᠣᠨ ᠳᠤ 3 ᠲᠦᠮᠡᠨ ᠲᠥᠭᠦᠷᠢᠭ ᠵᠠᠷᠤᠴᠠᠭᠤᠯᠤᠨ ᠳᠣᠣᠷ᠎ᠠ ᠬᠦᠴᠦᠳᠡᠯᠲᠦ ᠴᠠᠬᠢᠯᠭᠠᠨ ᠳᠠᠮᠵᠢᠭᠤᠯᠬᠤ ᠱᠤᠭᠤᠮ ᠢ | ᠥᠭᠡᠷᠡᠴᠢᠯᠡᠨ ᠵᠠᠰᠠᠵᠤ᠂ 44 ᠵᠠᠮ ᠤᠨ ᠳ᠋ᠧᠩ ︵ᠮᠥᠩᠭᠦᠨ ᠤᠰᠤᠨ ᠳ᠋ᠧᠩ︶ ᠤᠭᠰᠠᠷᠠᠵᠤ᠂ 1989 ᠣᠨ ᠳᠤ ᠥᠨᠳᠥᠷ ᠬᠦᠴᠦᠳᠡᠯᠲᠦ ᠨᠠᠲᠷᠢ ᠳ᠋ᠧᠩ ᠢᠶᠠᠷ | ᠰᠣᠯᠢᠭᠰᠠᠨ ᠪᠠᠶᠢᠨ᠎ᠠ᠃ 1987 ᠣᠨ ᠳᠤ 4 ᠲᠦᠮᠡᠨ ᠲᠥᠭᠦᠷᠢᠭ ᠵᠠᠷᠤᠴᠠᠭᠤᠯᠤᠨ ᠴᠢᠯᠠᠭᠤ ᠪᠠᠷ ᠵᠡᠷᠭᠡᠯᠡᠭᠰᠡᠨ ᠤᠰᠤ ᠭᠠᠳᠠᠭᠰᠢᠯᠠᠭᠤᠯᠬᠤ ᠰᠤᠪᠠᠭ 1500 ᠮᠧᠲᠷ | ᠵᠠᠰᠠᠵᠠᠢ᠃ ᠵᠡᠭᠡᠯᠢ ᠶᠢᠨ ᠬᠤᠶᠠᠷ ᠲᠠᠯ᠎ᠠ ᠪᠠᠷ 1000 ᠰᠠᠭᠤᠷᠢ ᠮᠣᠳᠣ ᠲᠠᠷᠢᠵᠤ᠂ 108 ᠮᠦ ᠴᠡᠴᠡᠷᠯᠢᠭ ᠪᠠᠶᠢᠭᠤᠯᠤᠭᠰᠠᠨ ᠪᠠᠶᠢᠨ᠎ᠠ᠃ 1988 ᠣᠨ ᠳᠤ ᠵᠠᠬ᠎ᠠ | ᠵᠡᠭᠡᠯᠢ ᠳᠤ ᠨᠡᠶᠢᠲᠡ ᠶᠢᠨ ᠵᠣᠷᠯᠣᠩ 1 ᠪᠠᠶᠢᠭᠤᠯᠪᠠ᠃ ᠪᠠᠯᠭᠠᠰᠤᠨ ᠳᠤ ᠲᠦᠭᠡᠭᠡᠯ ᠤᠰᠤᠨ ᠤ ᠢᠨᠵᠧᠨᠧᠷᠢᠩ 1 ᠪᠠᠶᠢᠭᠤᠯᠵᠤ᠂ ᠡᠳᠦᠷ ᠤᠨ ᠤᠰᠤ ᠬᠠᠩᠭᠠᠬᠤ ᠬᠡᠮᠵᠢᠶ᠎ᠡ | ᠨᠢ 41 ᠲᠣᠨ ᠪᠠᠶᠢᠵᠤ᠂ ᠪᠠᠯᠭᠠᠰᠤᠨ ᠤ 95% ᠤᠨ ᠰᠠᠭᠤᠭᠠᠯᠢ ᠠᠷᠠᠳ ᠢ ᠹᠯᠣᠷ ᠶᠠᠬᠡᠲᠡᠢ ᠤᠰᠤᠨ ᠤ ᠬᠥᠨᠥᠭᠡᠯ ᠠᠴᠠ ᠵᠠᠶᠢᠯᠠᠭᠤᠯᠤᠭᠰᠠᠨ ᠪᠠᠶᠢᠨ᠎ᠠ᠃ ᠬᠡᠳᠦᠨ | ᠵᠢᠯ ᠤᠨ ᠲᠤᠷᠰᠢ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠳᠤ ᠣᠷᠣᠭᠤᠯᠤᠭᠰᠠᠨ ᠪᠡᠯᠡ ᠮᠥᠩᠭᠦ ᠨᠢ 30 ᠲᠦᠮᠡᠨ ᠲᠥᠭᠦᠷᠢᠭ ᠬᠦᠷᠪᠡ᠃ | ᠪᠠᠯᠭᠠᠰᠤᠨ ᠳᠤ ᠴᠢᠯᠦᠭᠡᠯᠡᠭᠳᠡᠬᠦ ᠠᠴᠠ ᠡᠮᠦᠨ᠎ᠡ ᠬᠡᠳᠦᠨ ᠵᠠᠭᠤᠨ ᠰᠠᠭᠤᠭᠠᠯᠢ ᠡᠷᠦᠬᠡ ᠰᠠᠭᠤᠷᠢᠰᠢᠵᠤ ᠪᠠᠶᠢᠪᠠ᠃ 1990 ᠣᠨ ᠳᠤ ᠣᠷᠣᠨ ᠰᠠᠭᠤᠴᠠ | 68400 ᠲᠡᠭᠰᠢ ᠳᠥᠷᠪᠡᠯᠵᠢᠨ ᠮᠧᠲᠷ ᠪᠣᠯᠪᠠ᠂ ᠡᠭᠦᠨ ᠳᠤ ᠠᠰᠠᠷ 300 ᠲᠡᠭᠰᠢ ᠳᠥᠷᠪᠡᠯᠵᠢᠨ ᠮᠧᠲᠷ᠂ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ | ᠲᠠᠯᠠᠪᠠᠢ ᠨᠢ 11.4 ᠲᠡᠭᠰᠢ ᠳᠥᠷᠪᠡᠯᠵᠢᠨ ᠮᠧᠲᠷ ᠪᠠᠶᠢᠪᠠ᠃ ᠣᠯᠠᠨ ᠨᠡᠶᠢᠲᠡ ᠶᠢᠨ ᠪᠠ ᠦᠢᠯᠡᠳᠪᠦᠷᠢᠯᠡᠯ ᠤᠨ ᠪᠠᠷᠢᠯᠭ᠎ᠠ ᠨᠢ ᠲᠤᠰᠪᠦᠷᠢ 8500᠂ 900 ᠲᠡᠭᠰᠢ | ᠳᠥᠷᠪᠡᠯᠵᠢᠨ ᠮᠧᠲᠷ ᠪᠠᠶᠢᠪᠠ᠃ | ᠲᠤᠰ ᠪᠠᠯᠭᠠᠰᠤ ᠨᠢ ᠤᠯᠠᠭᠠᠨᠬᠠᠳᠠ ᠠᠴᠠ ᠲᠦᠩᠯᠢᠶᠣᠣ᠂ ᠤᠯᠠᠭᠠᠨᠬᠠᠳᠠ ᠠᠴᠠ ᠾᠧ ᠨᠠᠨ ᠶᠢᠩᠽᠢ᠂ ᠵᠢᠶᠧ ᠹᠠᠩ ᠶᠢᠩᠽᠢ ᠬᠦᠷᠬᠦ ᠵᠠᠰᠠᠮᠠᠯ ᠵᠠᠮ ᠤᠨ | ᠠᠭᠤᠯᠵᠠᠷ ᠲᠤ ᠪᠠᠶᠢᠷᠢᠯᠠᠵᠤ᠂ ᠴᠢᠩ ᠤᠯᠤᠰ ᠤᠨ ᠰᠡᠭᠦᠯᠴᠢ ᠶᠢᠨ ᠦᠶ᠎ᠡ ᠳᠤ ᠨᠢᠭᠡᠨᠲᠡ ᠵᠠᠬ᠎ᠠ ᠵᠡᠭᠡᠯᠢ ᠪᠤᠢ ᠪᠣᠯᠤᠭᠰᠠᠨ ᠪᠠᠶᠢᠳᠠᠭ᠃ ᠣᠳᠣ ᠶᠢᠨ ᠾᠧᠪᠧᠢ᠂ ᠯᠢᠶᠣᠤᠨᠢᠩ | ᠵᠡᠷᠭᠡ ᠭᠠᠵᠠᠷ ᠤᠨ ᠠᠷᠠᠯᠵᠢᠶᠠᠴᠢᠳ ᠲᠤᠰ ᠭᠠᠵᠠᠷ ᠢᠷᠡᠵᠦ ᠠᠷᠠᠯᠵᠢᠶ᠎ᠠ ᠬᠢᠳᠡᠭ ᠪᠠᠶᠢᠪᠠ᠃ ᠪᠠᠯᠭᠠᠰᠤᠨ ᠳᠤ ᠨᠢᠭᠡᠨᠲᠡ ᠨᠢᠭᠡᠨ ᠵᠧᠵᠢᠶᠠᠩ ᠭᠤᠳᠤᠮᠵᠢ ᠪᠦᠷᠢᠯᠳᠦᠵᠦ᠂ | ᠡᠮᠦᠨᠡᠲᠦ ᠣᠷᠣᠨ ᠤ ᠮᠣᠳᠣᠴᠢᠨ ᠵᠡᠷᠭᠡ ᠨᠢᠭᠡ ᠪᠦᠯᠦᠭ ᠭᠠᠷ ᠤᠷᠠᠴᠤᠳ ᠰᠠᠭᠤᠷᠢᠰᠢᠵᠤ ᠪᠠᠶᠢᠪᠠ᠃ 1985 ᠣᠨ ᠳᠤ ᠪᠠᠯᠭᠠᠰᠤᠨ ᠤ ᠡᠮᠦᠨᠡᠬᠢ ᠭᠤᠣᠯ ᠤᠨ ᠲᠠᠩ ᠢ | 70 ᠮᠦ ᠡᠵᠡᠯᠡᠨ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠪᠠᠶᠢᠭᠤᠯᠵᠤ᠂ 2 ᠲᠦᠮᠡᠨ ᠲᠥᠭᠦᠷᠢᠭ ᠵᠠᠷᠤᠴᠠᠭᠤᠯᠤᠨ ᠵᠠᠮ᠂ ᠪᠠᠷᠠᠭ᠎ᠠ ᠬᠤᠳᠠᠯᠳᠤᠬᠤ ᠲᠠᠪᠴᠠᠩ ᠵᠡᠷᠭᠡ | ᠶᠢ ᠪᠠᠶᠢᠭᠤᠯᠤᠭᠰᠠᠨ ᠪᠠᠶᠢᠨ᠎ᠠ᠂ 3᠂ 6᠂ 9 ᠤ ᠡᠳᠦᠷ ᠴᠤᠭᠯᠠᠭ᠎ᠠ ᠮᠠᠶᠢᠮᠠᠢ ᠪᠣᠯᠵᠤ᠂ ᠬᠥᠮᠥᠨ ᠣᠯᠠᠨ ᠦᠶ᠎ᠡ ᠳᠤ ᠲᠦᠮᠡᠨ ᠬᠥᠮᠥᠨ ᠴᠤᠭᠯᠠᠵᠤ᠂ ᠡᠳᠦᠷ ᠤᠨ | ᠰᠣᠯᠢᠯᠴᠠᠭ᠎ᠠ ᠶᠢᠨ ᠬᠡᠮᠵᠢᠶ᠎ᠡ ᠨᠢ ᠬᠠᠮᠤᠭ ᠤᠨ ᠥᠨᠳᠥᠷ ᠲᠤ ᠪᠠᠨ 10 ᠲᠦᠮᠡᠨ ᠲᠥᠭᠦᠷᠢᠭ ᠬᠦᠷᠴᠦ᠂ ᠵᠢᠯ ᠤᠨ ᠰᠣᠯᠢᠯᠴᠠᠭ᠎ᠠ ᠶᠢᠨ ᠬᠡᠮᠵᠢᠶ᠎ᠡ ᠨᠢ 1 ᠮᠢᠩᠭᠠᠨ ᠲᠦᠮᠡᠨ | ᠲᠥᠭᠦᠷᠢᠭ ᠣᠶᠢᠷᠠᠲᠤᠳᠠᠭ᠂ ᠪᠠᠯᠭᠠᠰᠤᠨ ᠳᠤ 200 ᠭᠠᠷᠤᠢ ᠳᠡᠯᠭᠡᠭᠦᠷ ᠫᠦᠰᠡ᠂ 252 ᠰᠢᠶᠠᠩ ᠪᠠᠯᠭᠠᠰᠤᠨ ᠤ ᠠᠵᠤ ᠠᠬᠤᠶᠢᠯᠠᠯ ᠲᠠᠢ᠂ ᠲᠡᠭᠦᠷᠭᠡ ᠲᠣᠭᠤᠷᠢᠭ᠂ | ᠣᠩᠨᠢᠭᠤᠳ᠂ ᠠᠤᠬᠠᠨ ᠤ ᠬᠥᠷᠰᠢ ᠣᠷᠣᠨ ᠤ ᠬᠠᠮᠤᠭ ᠤᠨ ᠲᠣᠮᠣ ᠴᠤᠭᠯᠠᠭ᠎ᠠ ᠵᠠᠬ᠎ᠠ ᠪᠣᠯᠤᠭᠰᠠᠨ ᠪᠠᠶᠢᠨ᠎ᠠ᠃ | | | |