ᠹᠧᠩ ᠱᠦᠢ ᠭᠧᠦ ᠪᠠᠯᠭᠠᠰᠤ
ᠨᠡᠶᠢᠲᠡᠯᠡᠭᠰᠡᠨ ᠴᠠᠭ᠄
2023/12/13
      ᠲᠣᠭᠤᠷᠢᠭ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠠᠴᠠ ᠵᠡᠭᠦᠨ ᠬᠤᠶᠢᠰᠢ 10 ᠺᠢᠯᠣᠮᠧᠲᠷ ᠵᠠᠶᠢᠲᠠᠢ ᠪᠠᠶᠢᠷᠢᠯᠠᠵᠤ ᠪᠤᠢ᠂ ᠲᠡᠦᠬᠡᠨ ᠳᠡᠭᠡᠷ᠎ᠡ ᠨᠢᠭᠡᠨ ᠪᠠᠭ᠎ᠠ ᠲᠣᠰᠬᠤᠨ ᠪᠠᠶᠢᠵᠠᠢ᠂ 1979 ᠣᠨ ᠳᠤ ᠫᠢᠩᠵᠤᠸᠠᠩ ᠤᠨ ᠠᠭᠤᠷᠬᠠᠢ ᠶᠢᠨ ᠶᠠᠪᠤᠳᠠᠯ ᠤᠨ ᠲᠣᠪᠴᠢᠶ᠎ᠠ ᠨᠢ ᠹᠧᠩ ᠱᠦᠢ ᠭᠧᠦ ᠶᠢᠨ ᠨᠡᠭᠦᠷᠡᠰᠦᠨ ᠠᠭᠤᠷᠬᠠᠢ ᠶᠢ ᠨᠡᠭᠡᠭᠡᠭᠰᠡᠨ ᠤ ᠳᠠᠷᠠᠭ᠎ᠠ᠂ ᠪᠠᠭ᠎ᠠ ᠪᠠᠯᠭᠠᠰᠤ ᠪᠣᠯᠵᠤ᠂ 1987 ᠣᠨ ᠤ 7 ᠰᠠᠷ᠎ᠠ ᠳᠤ ᠪᠠᠯᠭᠠᠰᠤ ᠪᠠᠶᠢᠭᠤᠯᠵᠤ᠂ ᠬᠠᠷᠢᠶᠠᠨ ᠳᠤ ᠨᠢ 2 ᠲᠣᠰᠬᠤᠨ᠂ 7 ᠰᠠᠭᠤᠭᠠᠯᠢ ᠠᠷᠠᠳ ᠤᠨ ᠵᠥᠪᠯᠡᠯ᠂ 22 ᠠᠶᠢᠯ᠂ 34 ᠳᠤᠭᠤᠶᠢᠯᠠᠩ ᠲᠠᠢ ᠪᠣᠯᠵᠠᠢ᠃      ᠠᠭᠤᠷᠬᠠᠢ ᠨᠡᠭᠡᠭᠡᠬᠦ ᠠᠴᠠ ᠡᠮᠦᠨ᠎ᠡ᠂ ᠬᠤᠶᠢᠨᠠᠬᠢ ᠯᠣᠣ ᠭᠥᠩ ᠶᠢᠩᠽᠢ ᠪᠣᠯᠤᠨ ᠡᠮᠦᠨᠡᠬᠢ ᠹᠧᠩ ᠱᠦᠢ ᠭᠧᠦ ᠶᠢᠨ ᠳᠤᠮᠳᠠᠬᠢ ᠠᠲᠠᠷ ᠨᠢᠭᠡ ᠬᠡᠰᠡᠭ ᠭᠠᠵᠠᠷ ᠪᠠᠶᠢᠵᠠᠢ᠃ ᠡᠳᠦᠭᠡ ᠠᠰᠠᠷ ᠣᠯᠠᠰᠢᠷᠠᠵᠤ ᠵᠠᠮ ᠮᠦᠷ ᠰᠦᠯᠵᠢᠯᠳᠦᠵᠦ᠂ ᠵᠡᠭᠡᠯᠢ ᠨᠢ ᠵᠢᠩ ᠲᠥᠩ ᠲᠡᠮᠦᠷ ᠵᠠᠮ ᠪᠣᠯᠣᠨ ᠠᠭᠤᠷᠬᠠᠢ ᠶᠢᠨ ᠣᠷᠣᠨ ᠤ ᠲᠡᠮᠦᠷ ᠵᠠᠮ ᠳᠤ ᠬᠤᠶᠠᠷ ᠬᠡᠰᠡᠭ ᠬᠤᠪᠢᠶᠠᠭᠳᠠᠭᠰᠠᠨ ᠪᠠᠶᠢᠨ᠎ᠠ᠃ ᠵᠡᠭᠦᠨ ᠲᠠᠯ᠎ᠠ ᠨᠢ ᠠᠭᠤᠷᠬᠠᠢ ᠶᠢᠨ ᠣᠷᠣᠨ᠂ ᠪᠠᠷᠠᠭᠤᠨ ᠲᠠᠯ᠎ᠠ ᠨᠢ ᠪᠠᠯᠭᠠᠰᠤᠨ ᠤ ᠵᠠᠰᠠᠭ ᠤᠨ ᠣᠷᠳᠣᠨ ᠤ ᠬᠡᠰᠡᠭ᠂ ᠠᠭᠤᠷᠬᠠᠢ ᠶᠢᠨ ᠣᠷᠣᠨ ᠳᠤ 2 ᠵᠤᠷᠪᠤᠰ ᠭᠤᠣᠯ ᠵᠠᠮ᠂ 3 ᠵᠤᠷᠪᠤᠰ ᠳᠡᠳ᠋ ᠵᠠᠮ ᠲᠠᠢ᠃ ᠠᠭᠤᠷᠬᠠᠢ ᠶᠢᠨ ᠡᠮᠦᠨ᠎ᠡ ᠵᠠᠮ ᠨᠢ 1981 ᠣᠨ ᠳᠤ ᠲᠠᠯᠪᠢᠭᠳᠠᠵᠠᠢ᠂ ᠤᠷᠲᠤ  ᠨᠢ 2000 ᠮᠧᠲᠷ᠂ ᠥᠷᠭᠡᠨ ᠨᠢ 7 ᠮᠧᠲᠷ᠂ 1984 ᠣᠨ ᠳᠤ ᠲᠣᠰᠣᠨ ᠵᠠᠮ ᠳᠡᠪᠢᠰᠦᠭᠰᠡᠨ ᠪᠠᠶᠢᠨ᠎ᠠ᠃ ᠠᠵᠢᠯᠴᠢᠨ ᠤ ᠲᠣᠰᠬᠤᠨ ᠤ ᠵᠠᠮ ᠨᠢ 1985 ᠣᠨ ᠳᠤ ᠲᠠᠯᠪᠢᠭᠳᠠᠵᠠᠢ᠂ ᠤᠷᠲᠤ ᠨᠢ 1900 ᠮᠧᠲᠷ᠂ ᠥᠷᠭᠡᠨ ᠨᠢ 7 ᠮᠧᠲᠷ᠂ 1987 ᠣᠨ ᠳᠤ ᠼᠧᠮᠧᠨ᠋ᠲ ᠵᠠᠮ ᠳᠠᠪᠢᠰᠴᠠᠢ᠂ ᠪᠤᠰᠤᠳ ᠳᠡᠳ᠋ ᠵᠠᠮ ᠤᠨ ᠥᠷᠭᠡᠨ ᠨᠢ ᠴᠥᠮ 7 ᠮᠧᠲᠷ᠃ ᠵᠠᠰᠠᠭ ᠤᠨ ᠣᠷᠳᠣᠨ ᠤ ᠬᠡᠰᠡᠭ ᠨᠢ ᠡᠮᠦᠨᠡᠰᠢ ᠤᠮᠠᠷᠠᠰᠢ᠂ ᠵᠡᠭᠦᠨᠰᠢ ᠪᠠᠷᠠᠭᠤᠨᠰᠢ ᠲᠤᠰᠪᠦᠷᠢ 2 ᠵᠤᠷᠪᠤᠰ ᠵᠠᠮ ᠢᠶᠠᠷ ᠪᠦᠷᠢᠯᠳᠦᠭᠰᠡᠨ ᠪᠠᠶᠢᠨ᠎ᠠ᠃ ᠭᠤᠣᠯ ᠵᠠᠮ ᠨᠢ ᠵᠡᠭᠦᠨᠰᠢ ᠪᠠᠷᠠᠭᠤᠨᠰᠢ ᠴᠢᠭᠯᠡᠯ ᠲᠠᠢ᠂ ᠤᠷᠲᠤ ᠨᠢ 1100 ᠮᠧᠲᠷ᠂ ᠥᠷᠭᠡᠨ ᠨᠢ 8 ᠮᠧᠲᠷ᠂ 1984 ᠣᠨ ᠳᠤ ᠲᠣᠰᠣᠨ ᠵᠠᠮ ᠪᠣᠯᠭᠠᠨ ᠳᠡᠪᠢᠰᠦᠭᠰᠡᠨ ᠪᠠᠶᠢᠨ᠎ᠠ᠂ ᠬᠤᠳᠠᠯᠳᠤᠭᠠᠨ ᠤ ᠵᠡᠭᠡᠯᠢ ᠨᠢ ᠡᠮᠦᠨᠡᠰᠢ ᠤᠮᠠᠷᠠᠰᠢ ᠴᠢᠭᠯᠡᠯ ᠲᠠᠢ᠂ 1988 ᠣᠨ ᠳᠤ ᠪᠦᠷᠢᠯᠳᠦᠵᠡᠢ᠂ ᠤᠷᠲᠤ ᠨᠢ 300 ᠮᠧᠲᠷ᠂ ᠨᠠᠭᠠᠲᠤ ᠵᠠᠮ ᠤᠨ ᠱᠤᠭᠤᠮ ᠨᠢ 48 ᠮᠧᠲᠷ᠂ ᠵᠠᠮ ᠤᠨ ᠤᠷᠲᠤ ᠨᠢ 10 ᠮᠧᠲᠷ᠂ ᠰᠢᠷᠣᠢ ᠶᠢᠨ ᠵᠠᠮ᠃ ᠦᠯᠡᠳᠡᠭᠰᠡᠨ 2 ᠵᠤᠷᠪᠤᠰ ᠳᠡᠳ᠋ ᠵᠠᠮ ᠤᠨ ᠥᠷᠭᠡᠨ ᠨᠢ 7 ᠮᠧᠲᠷ᠂ ᠴᠥᠮ 1982 ᠣᠨ ᠳᠤ ᠲᠠᠯᠪᠢᠭᠳᠠᠵᠠᠢ᠃ ᠠᠵᠢᠯᠴᠢᠨ ᠤ ᠲᠣᠰᠬᠤᠨ ᠤ ᠵᠠᠮ ᠳᠤ 1987 ᠣᠨ ᠳᠤ ᠴᠢᠯᠠᠭᠤ ᠪᠠᠷ ᠵᠡᠷᠭᠡᠯᠡᠭᠰᠡᠨ ᠤᠰᠤ ᠭᠠᠳᠠᠭᠰᠢᠯᠠᠭᠤᠯᠬᠤ ᠰᠤᠪᠠᠭ 1900 ᠮᠧᠲᠷ ᠵᠠᠰᠠᠭᠰᠠᠨ ᠠᠴᠠ ᠭᠠᠳᠠᠨ᠎ᠠ᠂ ᠪᠤᠰᠤᠳ ᠨᠢ ᠴᠥᠮ ᠠᠶᠠᠨᠳᠠᠭᠠᠨ ᠤᠰᠤ ᠲᠠᠲᠠᠷᠠᠭᠤᠯᠳᠠᠭ᠃ 1986 ᠣᠨ ᠳᠤ ᠠᠭᠤᠷᠬᠠᠢ ᠶᠢᠨ ᠡᠮᠦᠨ᠎ᠡ ᠵᠠᠮ ᠢᠶᠠᠷ ᠥᠨᠳᠥᠷ ᠬᠦᠴᠦᠳᠡᠯᠲᠦ ᠮᠥᠩᠭᠦᠨ ᠤᠰᠤᠨ ᠳ᠋ᠧᠩ 61 ᠤᠭᠰᠠᠷᠠᠭᠰᠠᠨ ᠪᠠᠶᠢᠨ᠎ᠠ᠃ 1988 ᠣᠨ ᠳᠤ 30 ᠠᠵᠢᠯᠴᠢᠨ ᠲᠠᠢ ᠴᠡᠪᠡᠷᠯᠡᠬᠦ ᠠᠩᠭᠢ ᠶᠢ ᠪᠠᠶᠢᠭᠤᠯᠵᠤ᠂ 68 ᠬᠤᠭ ᠤᠨ ᠬᠠᠶᠢᠷᠴᠠᠭ ᠲᠣᠬᠢᠷᠠᠭᠤᠯᠵᠤ᠂ ᠨᠡᠶᠢᠲᠡ ᠶᠢᠨ ᠵᠣᠷᠯᠣᠩ 3 ᠪᠠᠶᠢᠭᠤᠯᠤᠭᠰᠠᠨ ᠪᠠᠶᠢᠨ᠎ᠠ᠂ ᠪᠠᠶᠢᠭᠤᠯᠭ᠎ᠠ ᠪᠠ ᠰᠠᠭᠤᠭᠠᠯᠢ ᠠᠷᠠᠳ ᠴᠥᠮ ᠨᠡᠭᠦᠷᠡᠰᠦᠨ ᠠᠭᠤᠷᠬᠠᠢ ᠶᠢᠨ ᠲᠦᠭᠡᠭᠡᠯ ᠤᠰᠤ ᠶᠢ ᠬᠡᠷᠡᠭᠡᠯᠳᠡᠭ ᠪᠠᠶᠢᠨ᠎ᠠ᠃      ᠪᠠᠯᠭᠠᠰᠤᠨ ᠤ ᠬᠡᠰᠡᠭ ᠤᠨ ᠭᠡᠷ ᠪᠠᠶᠢᠰᠢᠩ ᠢ 1986 ᠣᠨ ᠠᠴᠠ ᠰᠡᠭᠦᠯᠡᠷ ᠡᠬᠢᠯᠡᠨ ᠪᠠᠶᠢᠭᠤᠯᠵᠠᠢ᠂ 12508 ᠲᠡᠭᠰᠢ ᠳᠥᠷᠪᠡᠯᠵᠢᠨ ᠮᠧᠲᠷ ᠪᠠᠶᠢᠵᠤ᠂ ᠴᠥᠮ ᠲᠣᠭᠤᠰᠬ᠎ᠠ ᠮᠣᠳᠣᠨ ᠪᠥᠳᠥᠴᠡ ᠪᠠ ᠬᠤᠯᠢᠮᠠᠭ ᠪᠦᠲᠦᠴᠡ ᠲᠠᠢ᠃ ᠹᠧᠩ ᠱᠦᠢ ᠭᠧᠦ ᠠᠭᠤᠷᠬᠠᠢ ᠶᠢᠨ ᠣᠷᠣᠨ ᠳᠤ 15.7 ᠲᠦᠮᠡᠨ ᠲᠡᠭᠰᠢ ᠳᠥᠷᠪᠡᠯᠵᠢᠨ ᠮᠧᠲᠷ ᠭᠡᠷ ᠪᠠᠶᠢᠰᠢᠩ ᠲᠠᠢ᠂ ᠴᠥᠮ ᠲᠣᠭᠤᠰᠬ᠎ᠠ ᠮᠣᠳᠣ ᠪᠣᠶᠤ ᠬᠤᠯᠢᠮᠠᠭ ᠪᠦᠲᠦᠴᠡ ᠲᠠᠢ᠂ ᠡᠭᠦᠨ ᠳᠤ ᠠᠰᠠᠷ ᠨᠢ 12 ᠲᠦᠮᠡᠨ ᠲᠡᠭᠰᠢ ᠳᠥᠷᠪᠡᠯᠵᠢᠨ ᠮᠧᠲᠷ ᠡᠵᠡᠯᠡᠵᠦ ᠪᠠᠶᠢᠪᠠ᠃ ᠨᠡᠭᠦᠷᠡᠰᠦᠨ ᠠᠭᠤᠷᠬᠠᠢ ᠨᠢ 1985 ᠣᠨ ᠤ 11 ᠰᠠᠷ᠎ᠠ ᠳᠤ ᠠᠰᠢᠭᠯᠠᠯᠲᠠ ᠳᠤ ᠣᠷᠣᠵᠤ᠂ ᠵᠢᠯ ᠤᠨ ᠭᠠᠷᠤᠯᠲᠠ ᠨᠢ 90 ᠲᠦᠮᠡᠨ ᠲᠣᠨ᠂ ᠠᠵᠢᠯᠴᠢᠨ 2943 ᠬᠥᠮᠥᠨ ᠪᠠᠶᠢᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ