ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ | ᠴᠠᠭᠢᠯᠭᠠᠨ ᠮᠡᠳᠡᠭᠡ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ | ᠪᠡᠭᠡᠵᠢᠩ ᠳᠤ ᠬᠤᠷᠠᠯᠳᠤᠪᠠ ᠃ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ | ᠶᠠᠷᠢᠶ᠎ᠠ ᠲᠠᠯᠪᠢᠪᠠ ᠃ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ | ᠴᠢᠶᠠᠩ ᠂ ᠵᠤᠤ ᠯᠧ ᠵᠢᠢ ᠂ ᠸᠠᠩ ᠬᠤ᠋ ᠨᠢᠩ᠂ ᠼᠠᠢ ᠴᠢ ᠂ ᠳ᠋ᠢᠩ | ᠰᠢᠤᠸᠠᠢ ᠰᠢᠶᠠᠩ ᠂ ᠯᠢ ᠰᠢ ᠬᠤᠷᠠᠯ ᠳᠤ ᠣᠷᠣᠯᠴᠠᠪᠠ ᠃ | | | ᠲᠥᠪ ᠤᠨ ᠠᠵᠤ ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ | 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ | ᠰᠡᠭᠦᠳᠡᠷᠯᠡᠪᠡ | | ᠰᠢ ᠶᠢᠨ ᠫᠢᠩ ᠴᠢᠬᠤᠯᠠ ᠶᠠᠷᠢᠶᠠᠨ ᠳᠠᠭᠠᠨ 2023 ᠣᠨ ᠤ ᠠᠵᠤ | ᠠᠬᠤᠢ ᠶᠢᠨ ᠠᠵᠢᠯ ᠢ ᠪᠦᠭᠦ ᠲᠠᠯ᠎ᠠ ᠪᠠᠷ ᠳ᠋ᠦᠩᠨᠡᠵᠦ ᠂ | ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ | ᠵᠠᠳᠠᠯᠵᠤ ᠂ 2024 ᠣᠨ ᠤ ᠠᠵᠤ ᠠᠬᠤᠢ ᠶᠢᠨ ᠠᠵᠢᠯ ᠢ | ᠰᠢᠰᠲ᠋ᠧᠮ ᠲᠠᠢ ᠪᠠᠶᠢᠷᠢᠯᠠᠭᠤᠯᠪᠠ ᠃ ᠯᠢ ᠴᠢᠶᠠᠩ | ᠳ᠋ᠦᠩᠨᠡᠯᠲᠡ ᠶᠢᠨ ᠶᠠᠷᠢᠶ᠎ᠠ ᠲᠠᠯᠪᠢᠵᠤ ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠢᠷᠡᠬᠦ ᠵᠢᠯ ᠤᠨ | ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ | ᠱᠠᠭᠠᠷᠳᠠᠯᠭ᠎ᠠ ᠳᠤᠷᠠᠳᠴᠠᠢ ᠃ | ᠬᠤᠷᠠᠯ ᠠᠴᠠ ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ ᠂ ᠭᠤᠷᠪᠠᠨ | ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ | ᠱᠠᠲᠤ ᠬᠤᠪᠢᠷᠠᠭᠰᠠᠨ ᠤ ᠳᠠᠷᠠᠭᠠᠬᠢ ᠠᠵᠤ ᠠᠬᠤᠢ ᠰᠡᠷᠭᠦᠨ | ᠬᠥᠭᠵᠢᠭᠰᠡᠨ ᠨᠢᠭᠡ ᠵᠢᠯ ᠪᠣᠯᠣᠨ᠎ᠠ ᠃ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ | ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠭᠠᠳᠠᠭᠠᠳᠤ | ᠳᠠᠷᠤᠯᠲᠠ ᠶᠢ ᠲᠤᠯᠵᠤ ᠂ ᠳᠣᠲᠣᠭᠠᠳᠤ ᠶᠢᠨ ᠬᠦᠴᠢᠷᠳᠡᠯ ᠢ ᠢᠯᠡᠨ | ᠳᠠᠪᠠᠵᠤ ᠂ ᠥᠭᠡᠷᠡᠴᠢᠯᠡᠯᠲᠡ ᠨᠡᠭᠡᠭᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠦᠨ ᠂ ᠬᠤᠷᠸ᠎ᠠ ᠡᠵᠡᠮᠳᠡᠯ | ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠂ ᠪᠦᠲᠦᠴᠡ ᠪᠠᠨ | ᠰᠢᠯᠢᠳᠡᠭᠵᠢᠭᠦᠯᠬᠦ ᠂ ᠢᠲᠡᠭᠡᠯ ᠵᠣᠷᠢᠭ ᠢ ᠬᠥᠪᠴᠢᠯᠡᠬᠦ ᠂ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠬᠦᠴᠦᠯᠡᠵᠦ | ᠂ ᠮᠠᠨ ᠤ ᠤᠯᠤᠰ ᠤᠨ ᠠᠵᠤ ᠠᠬᠤᠢ ᠰᠡᠷᠭᠦᠨ ᠰᠠᠶᠢᠵᠢᠷᠠᠵᠤ ᠂ | ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ ᠃ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ | ᠪᠠᠶᠢᠭᠤᠯᠤᠯᠲᠠ ᠴᠢᠬᠤᠯᠠ ᠠᠬᠢᠴᠠ ᠲᠠᠢ ᠪᠣᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ | ᠰᠢᠨ᠎ᠡ ᠰᠢᠪᠲᠤᠯᠤᠯᠲᠠ ᠲᠠᠢ ᠪᠣᠯᠵᠤ ᠂ ᠥᠭᠡᠷᠡᠴᠢᠯᠡᠯᠲᠡ | ᠨᠡᠭᠡᠭᠡᠯᠲᠡ ᠭᠦᠨᠵᠡᠭᠡᠶᠢᠷᠡᠨ ᠠᠬᠢᠵᠤ ᠂ ᠠᠮᠤᠷ ᠲᠦᠪᠰᠢᠨ | ᠬᠥᠭᠵᠢᠯᠲᠡ ᠶᠢᠨ ᠰᠠᠭᠤᠷᠢ ᠪᠠᠬᠢᠵᠢᠵᠦ ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠡᠷᠴᠢᠮᠲᠡᠢ ᠪᠦᠲᠦᠮᠵᠢᠲᠡᠢ | ᠪᠣᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ | ᠪᠠᠲᠤᠲᠠᠢ ᠠᠯᠬᠤᠮ ᠢ ᠠᠯᠬᠤᠵᠠᠢ ᠭᠡᠵᠦ ᠦᠵᠡᠪᠡ ᠃ | ᠬᠤᠷᠠᠯ ᠠᠴᠠ ᠂ ᠠᠵᠤ ᠠᠬᠤᠢ ᠶᠢᠨ ᠰᠡᠷᠭᠦᠯᠲᠡ | ᠰᠠᠶᠢᠵᠢᠷᠠᠯᠲᠠ ᠶᠢ ᠴᠢᠨᠠᠭᠰᠢᠳᠠ ᠠᠬᠢᠭᠤᠯᠬᠤ ᠳᠤ ᠵᠠᠷᠢᠮ | ᠬᠦᠴᠢᠷᠳᠡᠯ ᠪᠣᠯᠣᠨ ᠥᠷᠢᠰᠦᠯᠳᠦᠭᠡᠨ ᠢ ᠢᠯᠠᠨ ᠳᠠᠪᠠᠭ᠋ᠤ | ᠴᠢᠬᠤᠯᠠᠲᠠᠢ ᠪᠠᠶᠢᠨ᠎ᠠ ᠂ ᠭᠤᠣᠯᠳᠠᠭᠤ ᠪᠦᠲᠦᠮᠵᠢᠲᠡᠢ | ᠬᠡᠷᠡᠭᠴᠡᠭᠡ ᠬᠦᠷᠦᠯᠴᠡᠬᠦ ᠦᠭᠡᠢ ᠂ ᠬᠡᠰᠡᠭ ᠠᠵᠢᠯ ᠲᠦᠷᠦᠯ ᠤᠨ | ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠭᠰᠡᠨ ᠂ | ᠨᠡᠶᠢᠭᠡᠮ ᠤᠨ ᠵᠢᠱᠢᠯᠲᠡ ᠪᠠᠭᠤᠷᠠᠢ ᠂ ᠠᠶᠤᠯ ᠲᠦᠭᠰᠢᠭᠦᠷᠢ ᠭᠡᠮ | ᠰᠣᠭᠤᠭ ᠮᠥᠨ ᠨᠡᠯᠢᠶᠡᠳ ᠤᠯᠠᠨ ᠪᠠᠶᠢᠵᠤ ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ ᠂ | ᠭᠠᠳᠠᠭᠠᠳᠤ ᠣᠷᠴᠢᠨ ᠲᠣᠭᠤᠷᠢᠨ ᠤ ᠪᠤᠳᠤᠯᠢᠶᠠᠨᠲᠤ ᠴᠢᠨᠠᠷ ᠂ | ᠬᠦᠨᠳᠦ ᠬᠡᠴᠡᠭᠦᠦ ᠴᠢᠨᠠᠷ ᠂ ᠲᠣᠬᠲᠠᠭᠠᠯᠲᠤ ᠪᠤᠰᠤ ᠴᠢᠨᠠᠷ | ᠨᠡᠮᠡᠭᠳᠡᠵᠦ ᠪᠠᠶᠢᠨ᠎ᠠ ᠃ ᠰᠠᠨᠠᠭᠠᠰᠢᠷᠠᠬᠤ ᠤᠬᠠᠮᠰᠠᠷ ᠢᠶᠠᠨ | ᠴᠢᠩᠭᠠᠳᠬᠠᠵᠤ ᠂ ᠡᠳᠡᠭᠡᠷ ᠠᠰᠠᠭᠤᠳᠠᠯ ᠢ ᠪᠦᠲᠦᠮᠵᠢᠲᠡᠢ | ᠠᠷᠭᠠᠴᠠᠭᠠᠨ ᠰᠢᠢᠳᠪᠦᠷᠢᠯᠡᠬᠦ ᠬᠡᠷᠡᠭᠲᠡᠢ ᠃ | ᠶᠡᠷᠦᠩᠬᠡᠶᠢᠯᠡᠭᠡᠳ ᠦᠵᠡᠪᠡᠯ ᠂ ᠮᠠᠨ ᠤ ᠤᠯᠤᠰ ᠤᠨ | ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠢᠭᠲᠠᠢ | ᠨᠥᠬᠦᠴᠡᠯ ᠨᠢ ᠠᠰᠢᠭ ᠦᠭᠡᠢ ᠬᠦᠴᠦᠨ ᠵᠦᠢᠯ ᠠᠴᠠ ᠴᠢᠩᠭ᠎ᠠ | ᠪᠠᠶᠢᠵᠤ ᠂ ᠠᠵᠤ ᠠᠬᠤᠢ ᠰᠡᠷᠭᠦᠨ ᠰᠠᠶᠢᠵᠢᠷᠠᠬᠤ ᠂ ᠤᠷᠳᠤ | ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ | ᠬᠤᠪᠢᠷᠠᠭ᠎ᠠ ᠦᠭᠡᠢ ᠂ ᠢᠲᠡᠭᠡᠯ ᠵᠣᠷᠢᠭ ᠪᠠ ᠢᠲᠡᠭᠡᠯ | ᠬᠦᠴᠦᠨ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | ᠬᠤᠷᠠᠯ ᠠᠴᠠ ᠂ ᠣᠶᠢᠷ᠎ᠠ ᠶᠢᠨ ᠵᠢᠯ ᠤᠨ ᠲᠤᠷᠰᠢ ᠂ ᠨᠠᠮ ᠤᠨ | ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ | ᠪᠢᠳᠡ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ | ᠲᠠᠯ᠎ᠠ ᠶᠢ ᠪᠦᠲᠦᠮᠵᠢᠲᠡᠶ ᠨᠢᠭᠡᠳᠦᠯᠲᠡᠢ ᠲᠥᠯᠥᠪᠵᠢᠭᠦᠯᠵᠦ ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠵᠦ ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠵᠦ ᠂ ᠰᠢᠨ᠎ᠡ ᠴᠠᠭ ᠦᠶ᠎ᠡ ᠳᠤ ᠠᠵᠤ | ᠠᠬᠤᠢ ᠶᠢᠨ ᠠᠵᠢᠯ ᠢ ᠰᠠᠶᠢᠲᠤᠷ ᠬᠢᠬᠦ ᠶᠢᠨ ᠵᠢᠮ᠎ᠡ ᠶᠣᠰᠣᠴᠢ | ᠴᠢᠨᠠᠷᠲᠠᠢ ᠲᠠᠨᠢᠯᠲᠠ ᠶᠢ ᠭᠦᠨᠵᠡᠭᠡᠶᠢᠷᠡᠭᠦᠯᠪᠡ ᠃ ᠡᠷᠬᠡᠪᠰᠢ | ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ | ᠴᠠᠭ ᠦᠶ᠎ᠡ ᠶᠢᠨ ᠬᠠᠲᠠᠭᠤ ᠶᠣᠰᠣ ᠪᠤᠯᠭᠠᠵᠤ ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ | ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠠᠵᠤ | ᠠᠬᠤᠢ ᠶᠢᠨ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ | ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ | ᠠᠬᠢᠭᠤᠯᠬᠤ ᠬᠡᠷᠡᠭᠲᠡᠢ ᠃ ᠡᠷᠬᠡᠪᠰᠢ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠪᠦᠲᠦᠮᠵᠢᠲᠡᠶ ᠬᠡᠷᠡᠭᠴᠡᠭᠡ ᠶᠢ | ᠬᠦᠴᠦᠯᠡᠨ ᠥᠷᠭᠡᠳᠬᠡᠬᠦ ᠲᠠᠯ᠎ᠠ ᠪᠠᠷ ᠬᠠᠮᠵᠢᠯᠴᠠᠨ | ᠬᠦᠴᠦᠯᠡᠬᠦ ᠶᠢ ᠪᠠᠷᠢᠮᠲᠠᠯᠠᠵᠤ ᠂ ᠭᠡᠲᠦ ᠶᠡᠭᠡ ᠬᠡᠪᠴᠢᠶᠡᠨ ᠤ | ᠵᠠᠬ᠎ᠠ ᠳᠡᠯᠭᠡᠭᠦᠷ ᠪᠠ ᠬᠦᠴᠦᠷᠬᠡᠭ ᠶᠡᠭᠡ ᠦᠢᠯᠡᠳᠪᠦᠷᠢᠯᠡᠯ ᠤᠨ | ᠴᠢᠳᠠᠪᠤᠷᠢ ᠶᠢᠨ ᠳᠠᠪᠠᠭᠤᠯᠢᠭ ᠢ ᠪᠠᠳᠠᠷᠠᠭᠤᠯᠵᠤ ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢ ᠳᠣᠲᠣᠭᠠᠳᠤ | ᠬᠡᠷᠡᠭᠴᠡᠭᠡ ᠶᠢᠨ ᠭᠤᠣᠯ ᠬᠥᠳᠡᠯᠭᠡᠬᠦ ᠬᠦᠴᠦᠨ ᠤ ᠰᠠᠭᠤᠷᠢᠨ | ᠳᠡᠭᠡᠷ᠎ᠡ ᠪᠠᠶᠢᠭᠤᠯᠵᠤ ᠂ ᠣᠯᠠᠨ ᠤᠯᠤᠰ ᠤᠨ ᠣᠷᠴᠢᠯ ᠤᠨ ᠶᠠᠰᠤ | ᠴᠢᠨᠠᠷ ᠪᠠ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ | ᠡᠷᠬᠡᠪᠰᠢ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ | ᠴᠢᠩᠭᠠᠷᠠᠭᠤᠯᠬᠤ ᠶᠢ ᠪᠠᠷᠢᠮᠲᠠᠯᠠᠵᠤ ᠂ ᠭᠦᠨ | ᠳᠠᠪᠬᠤᠷᠭ᠎ᠠ ᠶᠢᠨ ᠥᠭᠡᠷᠡᠴᠢᠯᠡᠯᠲᠡ ᠪᠠ ᠥᠨᠳᠥᠷ ᠲᠦᠪᠰᠢᠨ | ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ | ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ ᠂ | ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ | ᠴᠢᠩᠭᠠᠷᠠᠭᠤᠯᠬᠤ ᠬᠡᠷᠡᠭᠲᠡᠢ ᠃ ᠡᠷᠬᠡᠪᠰᠢ ᠴᠢᠨᠠᠷ ᠰᠠᠶᠢᠲᠠᠢ | ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠰᠠᠶᠢᠨ | ᠬᠤᠷᠰᠢᠯᠴᠠᠯ ᠢ ᠪᠠᠷᠢᠮᠲᠠᠯᠠᠵᠤ ᠂ ᠴᠢᠨᠠᠷ ᠰᠠᠶᠢᠲᠠᠢ | ᠬᠥᠭᠵᠢᠯᠲᠡ ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ ᠢ | ᠠᠬᠢᠭᠤᠯᠵᠤ ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ | ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ ᠂ ᠬᠥᠭᠵᠢᠯᠲᠡ ᠪᠠ | ᠠᠮᠤᠷ ᠲᠦᠪᠰᠢᠨ ᠢ ᠬᠥᠳᠡᠯᠦᠩᠭᠦᠢ ᠲᠡᠩᠴᠡᠭᠦᠷᠢᠲᠡᠢ | ᠪᠠᠶᠢᠯᠭᠠᠵᠤ ᠂ ᠬᠠᠮᠵᠢᠨ ᠬᠠᠪᠰᠤᠷᠤᠯᠴᠠᠵᠤ ᠬᠠᠷᠢᠯᠴᠠᠨ | ᠲᠤᠪᠤᠶᠢᠯᠭᠠᠬᠤ ᠬᠡᠷᠡᠭᠲᠡᠢ ᠃ ᠡᠷᠬᠡᠪᠰᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠮᠤᠭ ᠤᠨ | ᠶᠡᠭᠡ ᠤᠯᠤᠰ ᠲᠦᠷᠦ ᠪᠤᠯᠭᠠᠵᠤ ᠂ ᠨᠠᠮ ᠤᠨ ᠨᠢᠭᠡᠳᠦᠯᠲᠡᠢ | ᠤᠳᠤᠷᠢᠳᠤᠯᠭ᠎ᠠ ᠳᠣᠣᠷ᠎ᠠ ᠂ ᠬᠠᠮᠤᠭ ᠤᠨ ᠥᠷᠭᠡᠨ ᠤᠯᠠᠨ ᠠᠷᠠᠳ | ᠲᠦᠮᠡᠨ ᠲᠠᠢ ᠪᠦᠯᠬᠦᠮᠳᠡᠵᠦ ᠂ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠭᠡᠬᠦ ᠡᠨᠡ ᠬᠦ ᠭᠤᠣᠯ ᠠᠵᠢᠯ ᠪᠠ ᠴᠢᠨᠠᠷ | ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ | ᠲᠥᠰᠥᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ ᠪᠣᠳᠠᠲᠤ | ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠦᠵᠡᠪᠡ ᠃ | ᠬᠤᠷᠠᠯ ᠠᠴᠠ ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ | ᠰᠠᠶᠢᠲᠤᠷ ᠬᠢᠬᠦ ᠳᠤ ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ | ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ | ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠶ ᠂ | ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ | ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ | ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ ᠂ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠠᠬᠢᠭᠤᠯᠵᠤ ᠂ ᠬᠤᠷᠸ᠎ᠠ ᠡᠵᠡᠮᠳᠡᠯ | ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ ᠂ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠨᠢᠭᠡᠳᠦᠯᠲᠡᠢ ᠲᠥᠯᠥᠪᠵᠢᠭᠦᠯᠵᠦ ᠂ ᠰᠢᠨ᠎ᠡ ᠭᠡᠯᠪᠡᠷᠢ ᠶᠢᠨ | ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ | ᠲᠥᠯᠥᠪᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ | ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ | ᠦᠨᠡᠨ ᠬᠦ ᠨᠡᠮᠡᠭᠳᠡᠭᠦᠯᠵᠦ ᠂ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠵᠤ ᠂ ᠨᠡᠶᠢᠭᠡᠮ ᠤᠨ ᠵᠢᠱᠢᠯᠲᠡ ᠶᠢ | ᠰᠠᠶᠢᠵᠢᠷᠠᠭᠤᠯᠵᠤ ᠂ ᠠᠵᠤ ᠠᠬᠤᠢ ᠶᠢᠨ ᠰᠡᠷᠭᠦᠨ ᠰᠠᠶᠢᠵᠢᠷᠠᠬᠤ | ᠰᠠᠶᠢᠨ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ ᠂ ᠠᠵᠤ | ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ | ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ | ᠦᠷᠭᠦᠯᠵᠢᠯᠡᠨ ᠠᠬᠢᠭᠤᠯᠵᠤ ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠨᠡᠮᠡᠭᠳᠡᠭᠦᠯᠵᠦ ᠂ ᠨᠡᠶᠢᠭᠡᠮ ᠤᠨ ᠲᠣᠭᠲᠠᠭᠤᠨ | ᠪᠠᠶᠢᠳᠠᠯ ᠢ ᠪᠠᠲᠤᠯᠠᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠢᠷᠡᠬᠦ ᠵᠢᠯ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠂ ᠤᠷᠤᠭᠰᠢᠯᠠᠨ ᠲᠠᠪᠰᠢᠬᠤ ᠪᠠᠷ | ᠲᠣᠭᠲᠠᠭᠤᠨ ᠢ ᠠᠬᠢᠭᠤᠯᠬᠤ ᠂ ᠤᠷᠢᠳ ᠢᠶᠠᠷ ᠪᠠᠶᠢᠭᠤᠯᠵᠤ | ᠳᠠᠷᠠᠭ᠎ᠠ ᠨᠢ ᠡᠪᠳᠡᠬᠦ ᠶᠢ ᠪᠠᠷᠢᠮᠲᠠᠯᠠᠨ ᠂ ᠵᠢᠱᠢᠯᠲᠡ ᠶᠢ | ᠲᠣᠭᠲᠠᠪᠤᠷᠢᠵᠢᠭᠤᠯᠬᠤ ᠂ ᠨᠡᠮᠡᠭᠳᠡᠯ ᠢ ᠲᠣᠭᠲᠠᠪᠤᠷᠢᠵᠢᠭᠤᠯᠬᠤ | ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠠᠰᠢᠭᠲᠠᠢ | ᠲᠥᠷᠥ ᠶᠢᠨ ᠪᠣᠳᠣᠯᠭ᠎ᠠ ᠶᠢ ᠢᠯᠡᠭᠦᠬᠡᠨ ᠭᠠᠷᠭᠠᠵᠤ ᠂ | ᠭᠡᠯᠪᠡᠷᠢ ᠶᠢ ᠬᠤᠪᠢᠷᠠᠭᠤᠯᠬᠤ ᠂ ᠪᠦᠲᠦᠴᠡ ᠶᠢ ᠲᠣᠬᠢᠷᠠᠭᠤᠯᠬᠤ | ᠂ ᠶᠠᠰᠤ ᠴᠢᠨᠠᠷ ᠢ ᠳᠡᠭᠡᠭᠰᠢᠯᠡᠭᠦᠯᠭᠦ ᠂ ᠦᠷ᠎ᠡ ᠠᠰᠢᠭ ᠢ | ᠨᠡᠮᠡᠭᠳᠡᠭᠦᠯᠬᠦ ᠲᠠᠯ᠎ᠠ ᠪᠠᠷ ᠢᠳᠡᠪᠬᠢᠲᠡᠢ ᠤᠷᠤᠭᠰᠢᠯᠠᠨ | ᠳᠡᠪᠰᠢᠵᠦ ᠂ ᠲᠣᠭᠲᠠᠭᠤᠨ ᠤ ᠳᠤᠮᠳᠠ ᠰᠠᠶᠢᠵᠢᠷᠠᠬᠤ ᠰᠠᠭᠤᠷᠢ ᠶᠢ | ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ ᠃ ᠬᠤᠷᠸ᠎ᠠ | ᠲᠦᠷᠦ ᠶᠢᠨ ᠪᠣᠳᠣᠯᠭ᠎ᠠ ᠶᠢᠨ ᠦᠶᠡᠯᠡᠯ ᠥᠭᠰᠥᠬᠦ ᠪᠠ ᠦᠶᠡᠯᠡᠯ | ᠠᠯᠤᠰᠯᠠᠨ ᠲᠣᠬᠢᠷᠠᠭᠤᠯᠬᠤ ᠶᠢ ᠴᠢᠩᠭᠠᠳᠬᠠᠵᠤ ᠂ ᠡᠳ᠋ ᠤᠨ | ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠪᠠ | ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠵᠦ ᠂ ᠲᠦᠷᠦ ᠶᠢᠨ | ᠪᠣᠳᠣᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠬᠦ ᠪᠠ | ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ | ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ | ᠪᠣᠳᠣᠯᠭ᠎ᠠ ᠨᠢ ᠵᠣᠬᠢᠰᠲᠠᠢ ᠬᠦᠴᠦᠯᠡᠵᠦ ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠬᠡᠷᠡᠭᠲᠡᠢ ᠃ ᠡᠳ᠋ ᠤᠨ ᠵᠠᠰᠠᠭ ᠤᠨ ᠲᠦᠷᠦ ᠶᠢᠨ | ᠪᠣᠳᠣᠯᠭ᠎ᠠ ᠶᠢᠨ ᠣᠷᠣᠨ ᠵᠠᠢ ᠶᠢ ᠰᠠᠶᠢᠲᠤᠷ ᠬᠡᠷᠡᠭᠯᠡᠵᠦ ᠂ | ᠪᠡᠯᠡ ᠮᠥᠩᠭᠦ ᠶᠢᠨ ᠦᠷ᠎ᠡ ᠠᠰᠢᠭ ᠪᠠ ᠲᠦᠷᠦ ᠶᠢᠨ | ᠪᠣᠳᠣᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ | ᠬᠡᠷᠡᠭᠲᠡᠢ ᠃ ᠡᠳ᠋ ᠤᠨ ᠵᠠᠰᠠᠭ ᠤᠨ ᠵᠠᠷᠤᠯᠭ᠎ᠠ ᠶᠢᠨ | ᠪᠦᠲᠦᠴᠡ ᠶᠢ ᠰᠢᠯᠢᠳᠡᠭᠵᠢᠭᠦᠯᠵᠦ ᠂ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠡᠭᠦᠷᠭᠡ ᠳᠠᠬᠢ ᠡᠳ᠋ ᠤᠨ | ᠬᠦᠴᠦᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠃ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ | ᠲᠡᠮᠳᠡᠭᠲᠦ ᠶᠢ ᠬᠥᠷᠥᠩᠭᠡ ᠮᠥᠩᠭᠦ ᠪᠣᠯᠭᠠᠨ ᠬᠡᠷᠡᠭᠯᠡᠬᠦ | ᠬᠡᠪᠴᠢᠶ᠎ᠡ ᠶᠢ ᠵᠦᠢ ᠵᠣᠬᠢᠰᠲᠠᠢ ᠪᠠᠷ ᠥᠷᠭᠡᠳᠬᠡᠬᠦ | ᠬᠡᠷᠡᠭᠲᠡᠢ ᠃ ᠪᠦᠲᠦᠴᠡ ᠶᠢᠨ ᠴᠢᠨᠠᠷᠲᠠᠢ ᠪᠠᠷ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠦᠢᠯᠡᠳᠬᠦ ᠦᠢᠯᠡᠰ ᠤᠨ ᠬᠥᠭᠵᠢᠯᠲᠡ ᠶᠢ | ᠭᠤᠣᠯᠳᠠᠯᠭ᠎ᠠ ᠲᠠᠢ ᠳᠡᠮᠵᠢᠬᠦ ᠬᠡᠷᠡᠭᠲᠡᠢ ᠃ ᠰᠢᠯᠵᠢᠭᠦᠯᠦᠨ | ᠲᠣᠭᠠᠴᠠᠭ᠎ᠠ ᠬᠢᠬᠦ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠴᠢᠩᠳᠠᠯᠠᠵᠤ ᠂ ᠡᠳ᠋ ᠤᠨ ᠵᠠᠰᠠᠭ ᠠᠵᠤ | ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ ᠃ | ᠡᠳ᠋ ᠤᠨ ᠵᠠᠰᠠᠭ ᠤᠨ ᠦᠷᠭᠦᠯᠵᠢᠯᠡᠬᠦ ᠴᠢᠨᠠᠷ ᠢ ᠴᠢᠩᠭᠠᠳᠬᠠᠵᠤ | ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ ᠃ ᠡᠩ ᠤᠨ ᠴᠢᠨᠠᠷᠲᠠᠢ | ᠵᠠᠷᠤᠯᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠢ ᠃ ᠨᠠᠮ | ᠵᠠᠰᠠᠭ ᠤᠨ ᠪᠠᠶᠢᠭᠤᠯᠭ᠎ᠠ ᠠᠷᠪᠢᠯᠠᠵᠤ ᠠᠮᠢᠳᠤᠷᠠᠬᠤ | ᠳᠠᠳᠬᠠᠯ ᠲᠠᠢ ᠪᠠᠶᠢᠬᠤ ᠬᠡᠷᠡᠭᠲᠡᠢ ᠃ | ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ | ᠠᠮᠢᠳᠤᠯᠢᠭ ᠪᠥᠭᠡᠳ ᠵᠣᠬᠢᠰᠲᠠᠢ ᠂ ᠤᠨᠤᠪᠴᠢᠲᠠᠢ ᠪᠥᠭᠡᠳ | ᠪᠦᠲᠦᠮᠵᠢᠲᠡᠢ ᠪᠠᠶᠢᠯᠭᠠᠬᠤ ᠬᠡᠷᠡᠭᠲᠡᠢ ᠃ ᠭᠦᠢᠯᠭᠡᠭᠡᠨ ᠤ | ᠴᠢᠨᠠᠷ ᠤᠨ ᠵᠦᠢ ᠵᠣᠬᠢᠰᠲᠠᠢ ᠪᠥᠭᠡᠳ ᠭᠦᠢᠴᠡᠳ ᠪᠠᠶᠢᠬᠤ ᠂ | ᠨᠡᠶᠢᠭᠡᠮ ᠤᠨ ᠪᠡᠯᠡ ᠮᠥᠩᠭᠦ ᠴᠤᠭᠯᠠᠭᠤᠯᠬᠤ ᠬᠡᠪᠴᠢᠶ᠎ᠡ ᠂ | ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢ ᠠᠵᠤ | ᠠᠬᠤᠢ ᠶᠢᠨ ᠨᠡᠮᠡᠭᠳᠡᠯ ᠪᠠ ᠦᠨ᠎ᠡ ᠬᠠᠩᠰᠢ ᠶᠢᠨ ᠲᠦᠪᠰᠢᠨ ᠤ | ᠵᠢᠱᠢᠭᠰᠡᠨ ᠬᠠᠷᠠᠯᠲᠠ ᠯᠤᠭ᠎ᠠ ᠬᠠᠷᠢᠯᠴᠠᠨ ᠵᠣᠬᠢᠴᠠᠯᠳᠤᠬᠤ ᠶᠢ | ᠪᠠᠲᠤᠯᠠᠬᠤ ᠬᠡᠷᠡᠭᠲᠡᠢ ᠃ ᠵᠣᠭᠤᠰᠤᠨ ᠤ ᠲᠥᠷᠥ ᠶᠢᠨ | ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠠ | ᠪᠦᠲᠦᠴᠡ ᠶᠢᠨ ᠳᠠᠪᠬᠤᠷ ᠴᠢᠳᠠᠮᠵᠢ ᠶᠢ ᠰᠠᠶᠢᠲᠤᠷ | ᠪᠠᠳᠠᠷᠠᠭᠤᠯᠵᠤ ᠂ ᠨᠥᠭᠡᠴᠡ ᠶᠢ ᠠᠮᠢᠳᠤᠯᠢᠭᠵᠢᠭᠤᠯᠵᠤ ᠂ ᠦᠷ᠎ᠡ | ᠠᠰᠢᠭ ᠢ ᠳᠡᠭᠡᠭᠰᠢᠯᠡᠭᠦᠯᠦᠨ ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠂ ᠪᠠᠭ᠎ᠠ ᠵᠢᠵᠢᠭ ᠠᠵᠤ ᠠᠬᠤᠶᠢᠯᠠᠯ ᠳᠤ | ᠨᠡᠶᠢᠳᠡᠮ ᠠᠰᠢᠭ ᠬᠦᠷᠲᠡᠭᠡᠬᠦ ᠂ ᠲᠣᠭᠠᠴᠢᠯᠠᠭᠰᠠᠨ ᠠᠵᠤ ᠠᠬᠤᠢ | ᠵᠡᠷᠭᠡ ᠲᠠᠯ᠎ᠠ ᠪᠠᠷ ᠬᠢ ᠳᠡᠮᠵᠢᠯᠭᠡ ᠶᠢᠨ ᠡᠷᠴᠢᠮ ᠢ | ᠴᠢᠩᠭᠠᠷᠠᠭᠤᠯᠬᠤ ᠬᠡᠷᠡᠭᠲᠡᠢ ᠃ ᠨᠡᠶᠢᠭᠡᠮ ᠤᠨ | ᠶᠡᠷᠦᠩᠬᠡᠶᠢᠯᠡᠭᠰᠡᠨ ᠪᠡᠯᠡ ᠮᠥᠩᠭᠦ ᠴᠤᠭᠯᠠᠭᠤᠯᠬᠤ ᠥᠪᠡᠷ ᠤᠨ | ᠥᠷᠲᠡᠭ ᠢ ᠲᠣᠭᠲᠠᠭᠤᠨ ᠤ ᠳᠤᠮᠳᠠ ᠪᠠᠭᠤᠷᠠᠭᠤᠯᠬᠤ ᠶᠢ | ᠠᠬᠢᠭᠤᠯᠬᠤ ᠬᠡᠷᠡᠭᠲᠡᠢ ᠃ ᠠᠷᠠᠳ ᠤᠨ ᠵᠣᠭᠤᠰᠤᠨ ᠤ | ᠭᠤᠪᠢᠭᠤᠯᠭ᠎ᠠ ᠶᠢᠨ ᠨᠤᠷᠮ᠎ᠠ ᠶᠢᠨ ᠵᠣᠬᠢᠰᠲᠠᠢ ᠪᠥᠭᠡᠳ | ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ | ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠃ | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ | ᠨᠢᠭᠡᠳᠦᠯᠲᠡᠢ ᠴᠢᠨᠠᠷ ᠢ ᠴᠢᠩᠭᠠᠳᠬᠠᠬᠤ ᠬᠡᠷᠡᠭᠲᠡᠢ ᠃ ᠡᠳ᠋ ᠤᠨ | ᠵᠠᠰᠠᠭ ᠂ ᠵᠣᠭᠤᠰ ᠂ ᠠᠵᠢᠯ ᠣᠯᠭᠤᠯᠲᠠ ᠂ ᠠᠵᠤ ᠦᠢᠯᠡᠰ ᠂ ᠣᠷᠣᠨ | ᠪᠦᠰᠡ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠂ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠲᠦᠷᠦ ᠶᠢᠨ | ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ | ᠴᠢᠩᠭᠠᠳᠬᠠᠵᠤ ᠂ ᠠᠵᠤ ᠠᠬᠤᠢ ᠶᠢᠨ ᠪᠤᠰᠤ ᠴᠢᠨᠠᠷᠲᠠᠢ ᠲᠦᠷᠦ ᠶᠢᠨ | ᠪᠣᠳᠣᠯᠭ᠎ᠠ ᠶᠢ ᠬᠤᠷᠸ᠎ᠠ ᠲᠦᠷᠦ ᠶᠢᠨ ᠪᠣᠳᠣᠯᠭ᠎ᠠ ᠶᠢᠨ | ᠬᠠᠨᠳᠤᠰᠢ ᠶᠢᠨ ᠨᠢᠭᠡᠳᠦᠯᠲᠦ ᠴᠢᠨᠠᠷᠲᠠᠢ ᠦᠨᠡᠯᠡᠨ | ᠵᠢᠱᠢᠯᠲᠡ ᠳᠤ ᠣᠷᠣᠭᠤᠯᠵᠤ ᠂ ᠲᠦᠷᠦ ᠶᠢᠨ ᠪᠣᠳᠣᠯᠭ᠎ᠠ ᠶᠢᠨ | ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠨ ᠂ ᠠᠳᠠᠯᠢ | ᠴᠢᠭᠯᠡᠯ ᠢᠶᠠᠷ ᠬᠦᠴᠦᠯᠡᠵᠦ ᠂ ᠬᠠᠮᠲᠤᠷᠠᠯ ᠬᠦᠴᠦᠨ ᠢ | ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠠᠵᠤ | ᠠᠬᠤᠢ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ | ᠤᠳᠤᠷᠢᠳᠤᠮᠵᠢ ᠶᠢ ᠴᠢᠩᠭᠠᠳᠬᠠᠵᠤ ᠂ ᠳᠤᠮᠳᠠᠳᠤ ᠤᠯᠤᠰ ᠤᠨ ᠠᠵᠤ | ᠠᠬᠤᠢ ᠭᠡᠭᠡᠨ ᠰᠠᠷᠠᠭᠤᠯ ᠤᠨᠤᠯ ᠢ ᠬᠠᠩᠭᠢᠨᠠᠭᠤᠯᠬᠤ ᠬᠡᠷᠡᠭᠲᠡᠢ | ᠭᠡᠵᠦ ᠱᠠᠭᠠᠷᠳᠠᠪᠠ ᠃ | ᠬᠤᠷᠠᠯ ᠠᠴᠠ᠂ ᠢᠷᠡᠬᠦ ᠵᠢᠯ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠂ | ᠭᠤᠣᠯᠳᠠᠯᠭ᠎ᠠ ᠶᠢ ᠲᠣᠪᠤᠶᠢᠯᠭᠠᠨ ᠵᠠᠩᠭᠢᠯᠠᠭ᠎ᠠ ᠶᠢ | ᠡᠵᠡᠮᠳᠡᠵᠦ ᠂ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠬᠦ ᠬᠡᠷᠡᠭᠲᠡᠢ ᠃ | ᠨᠢᠭᠡ ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ | ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ | ᠡᠭᠦᠳᠬᠦ ᠶᠢ ᠠᠬᠢᠭᠤᠯᠵᠤ ᠂ ᠢᠯᠠᠩᠭᠤᠶ᠎ᠠ ᠨᠤᠷᠠᠭᠠᠯᠲᠠ ᠶᠢᠨ | ᠴᠢᠨᠠᠷᠲᠠᠢ ᠮᠡᠷᠭᠡᠵᠢᠯ ᠪᠣᠯᠣᠨ ᠬᠤᠰᠢᠭᠤᠷᠠᠯ | ᠮᠡᠷᠭᠡᠵᠢᠯ ᠢᠶᠠᠷ ᠰᠢᠨ᠎ᠡ ᠠᠵᠤ ᠦᠢᠯᠡᠰ ᠂ ᠰᠢᠨ᠎ᠡ ᠵᠠᠭᠪᠤᠷ ᠂ | ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠬᠡᠷᠡᠭᠲᠡᠢ ᠃ ᠰᠢᠨ᠎ᠡ ᠭᠡᠯᠪᠡᠷᠢ ᠶᠢᠨ ᠤᠯᠤᠰ | ᠳᠠᠶᠠᠭᠠᠷᠴᠢᠯᠠᠬᠰᠠᠨ ᠪᠠᠶᠢᠭᠤᠯᠤᠮᠵᠢ ᠶᠢ | ᠲᠡᠭᠦᠯᠳᠡᠷᠵᠢᠭᠦᠯᠵᠦ ᠂ ᠦᠢᠯᠡᠳᠬᠦ ᠦᠢᠯᠡᠰ ᠤᠨ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ | ᠰᠠᠶᠢᠲᠠᠢ ᠬᠥᠭᠵᠢᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ | ᠂ ᠶᠠᠰᠤ ᠴᠢᠨᠠᠷ ᠢᠶᠠᠷ ᠲᠤᠯᠭᠠᠭᠤᠷᠢᠯᠠᠬᠤ ᠪᠠ | ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ | ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ | ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠰᠢᠨ᠎ᠡ | ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ | ᠠᠬᠢᠭᠤᠯᠵᠤ ᠂ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠵᠦ ᠂ | ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢ | ᠲᠦᠷᠭᠡᠳᠬᠡᠨ ᠠᠬᠢᠭᠤᠯᠬᠤ ᠬᠡᠷᠡᠭᠲᠡᠢ ᠃ ᠠᠮᠢᠳᠤ ᠪᠣᠳᠠᠰ ᠤᠨ | ᠦᠢᠯᠡᠳᠬᠡᠯ ᠂ ᠬᠤᠳᠠᠯᠳᠤᠭᠠᠨ ᠤ ᠰᠠᠨᠰᠠᠷ ᠤᠨ ᠠᠶᠠᠯᠠᠯ ᠂ | ᠳᠣᠣᠷ᠎ᠠ ᠠᠭᠠᠷ ᠤᠨ ᠠᠵᠤ ᠠᠬᠤᠢ ᠵᠡᠷᠭᠡ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠨᠦᠭᠦᠳ ᠢ ᠪᠤᠶ ᠪᠤᠯᠭᠠᠵᠤ ᠂ ᠺᠸᠠᠨ᠋ᠲ ᠂ ᠠᠮᠢ ᠨᠠᠰᠤᠨ ᠤ | ᠰᠢᠨᠵᠢᠯᠡᠬᠦ ᠤᠬᠠᠭᠠᠨ ᠵᠡᠷᠭᠡ ᠢᠷᠡᠭᠡᠳᠦᠢ ᠶᠢᠨ ᠠᠵᠤ | ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ ᠂ | ᠲᠣᠭᠠᠨ ᠤ ᠤᠬᠠᠭᠠᠨ ᠪᠠ ᠣᠶᠤᠨ ᠤ ᠮᠡᠷᠭᠡᠵᠢᠯ ᠂ ᠪᠣᠬᠢᠷᠳᠤᠯ | ᠦᠭᠡᠢ ᠮᠡᠷᠭᠡᠵᠢᠯ ᠢ ᠥᠷᠭᠡᠨ ᠢᠶᠠᠷ ᠬᠡᠷᠡᠭᠯᠡᠵᠦ ᠂ | ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠬᠦ ᠬᠡᠷᠡᠭᠲᠡᠢ | ᠃ ᠬᠡᠷᠡᠭᠯᠡᠭᠡᠨ ᠤ ᠰᠠᠭᠤᠷᠢ ᠰᠤᠳᠤᠯᠭᠠᠨ ᠪᠠ ᠬᠤᠰᠢᠭᠤᠷᠠᠯ | ᠰᠤᠳᠤᠯᠭᠠᠨ ᠢ ᠴᠢᠩᠭᠠᠳᠬᠠᠵᠤ ᠂ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠳᠬᠠᠬᠤ ᠬᠡᠷᠡᠭᠲᠡᠢ ᠃ ᠦᠢᠯᠡᠰ ᠪᠣᠰᠬᠠᠬᠤ ᠪᠡᠯᠡ | ᠣᠷᠣᠭᠤᠯᠤᠯᠲᠠ ᠂ ᠰᠲ᠋ᠣᠺ ᠤᠨ ᠡᠷᠬᠡ ᠶᠢᠨ ᠪᠡᠯᠡ | ᠣᠷᠣᠭᠤᠯᠤᠯᠲᠠ ᠶᠢ ᠬᠥᠭᠵᠢᠭᠦᠯᠬᠦ ᠶᠢ ᠵᠣᠷᠢᠭᠵᠢᠭᠤᠯᠬᠤ | ᠬᠡᠷᠡᠭᠲᠡᠢ ᠃ | ᠬᠤᠶᠠᠷ ᠲᠤ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ | ᠬᠦᠴᠦᠯᠡᠨ ᠥᠷᠭᠡᠳᠬᠡᠬᠦ ᠬᠡᠷᠡᠭᠲᠡᠢ ᠃ ᠲᠠᠯᠳᠠ ᠴᠢᠳᠠᠪᠤᠷᠢ ᠲᠠᠢ | ᠬᠡᠷᠡᠭᠯᠡᠭᠡ ᠶᠢ ᠬᠥᠭᠵᠢᠭᠡᠵᠦ ᠂ ᠦᠷ᠎ᠡ ᠠᠰᠢᠭ ᠲᠠᠢ ᠪᠡᠯᠡ | ᠣᠷᠣᠭᠤᠯᠤᠯᠲᠠ ᠶᠢ ᠥᠷᠭᠡᠳᠬᠡᠨ ᠂ ᠬᠡᠷᠡᠭᠯᠡᠭᠡ ᠪᠠ ᠪᠡᠯᠡ | ᠣᠷᠣᠭᠤᠯᠤᠯᠲᠠ ᠶᠢᠨ ᠬᠠᠷᠢᠯᠴᠠᠨ ᠠᠬᠢᠭᠤᠯᠬᠤ ᠰᠠᠶᠢᠨ ᠣᠷᠴᠢᠯ ᠢ | ᠪᠤᠢ ᠪᠤᠯᠭᠠᠬᠤ ᠬᠡᠷᠡᠭᠲᠡᠢ ᠃ ᠬᠡᠷᠡᠭᠯᠡᠭᠡ ᠶᠢᠨ ᠬᠢᠵᠢᠭ ᠤᠨ | ᠳᠠᠷᠠᠭᠠᠬᠢ ᠰᠡᠷᠭᠦᠯᠲᠡ ᠠᠴᠠ ᠦᠷᠭᠦᠯᠵᠢᠯᠡᠨ ᠥᠷᠭᠡᠳᠬᠦ | ᠲᠡᠶᠢᠰᠢ ᠰᠢᠯᠵᠢᠭᠦ ᠶᠢ ᠠᠬᠢᠭᠤᠯᠵᠤ ᠂ ᠰᠢᠨ᠎ᠡ ᠭᠡᠯᠪᠡᠷᠢ ᠶᠢᠨ | ᠬᠡᠷᠡᠭᠯᠡᠭᠡ ᠶᠢ ᠪᠣᠶᠢᠵᠢᠭᠤᠯᠤᠨ ᠪᠤᠵᠠᠭᠠᠶᠢᠷᠠᠭᠤᠯᠵᠤ ᠂ | ᠲᠣᠭᠠᠴᠢᠯᠠᠭᠰᠠᠨ ᠬᠡᠷᠡᠭᠯᠡᠭᠡ ᠂ ᠪᠣᠬᠢᠷᠳᠤᠯ ᠦᠭᠡᠢ | ᠬᠡᠷᠡᠭᠯᠡᠭᠡ ᠂ ᠡᠷᠡᠭᠦᠯ ᠮᠡᠨᠳᠦ ᠶᠢᠨ ᠬᠡᠷᠡᠭᠯᠡᠭᠡ ᠶᠢ | ᠶᠡᠭᠡ ᠪᠠᠷ ᠬᠥᠭᠵᠢᠭᠦᠯᠵᠦ ᠂ ᠣᠶᠤᠨᠲᠤ ᠭᠡᠷ ᠤᠨ ᠬᠡᠷᠡᠭᠰᠡᠯ ᠂ | ᠰᠣᠶᠣᠯ ᠵᠢᠭᠤᠯᠴᠢᠯᠠᠯ ᠂ ᠪᠡᠶ᠎ᠡ ᠶᠢᠨ ᠲᠠᠮᠢᠷ ᠤᠨ ᠤᠷᠤᠯᠳᠤᠭᠠᠨ | ᠂ ᠤᠯᠤᠰ ᠤᠨ ᠪᠠᠷᠠᠭᠠᠨ ᠤ ︽ ᠴᠠᠭ ᠤᠨ ᠤᠷᠤᠰᠬᠠᠯᠲᠤ ᠦᠢᠯᠡᠳᠬᠦᠨ | ︾ ᠵᠡᠷᠭᠡ ᠰᠢᠨ᠎ᠡ ᠬᠡᠷᠡᠭᠯᠡᠭᠡᠨ ᠤ ᠨᠡᠮᠡᠭᠳᠡᠯ ᠤᠨ ᠴᠡᠭ ᠢ | ᠢᠳᠡᠪᠬᠢᠲᠡᠢ ᠪᠣᠶᠢᠵᠢᠭᠤᠯᠬᠤ ᠬᠡᠷᠡᠭᠲᠡᠢ ᠃ ᠤᠯᠠᠮᠵᠢᠯᠠᠯᠲᠤ | ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ ᠂ | ᠰᠢᠨ᠎ᠡ ᠡᠨᠧᠷᠭᠢ ᠶᠢᠨ ᠮᠠᠰᠢᠨ ᠲᠡᠷᠭᠡ ᠂ ᠡᠯᠧᠺᠲᠷᠣᠨ ᠦᠢᠯᠡᠳᠬᠦᠨ | ᠵᠡᠷᠭᠡ ᠪᠥᠭᠡᠮ ᠲᠠᠸᠠᠷ ᠤᠨ ᠬᠡᠷᠡᠭᠯᠡᠭᠡ ᠶᠢ ᠬᠥᠭᠵᠢᠭᠦᠯᠬᠦ | ᠬᠡᠷᠡᠭᠲᠡᠢ ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢ ᠨᠡᠮᠡᠭᠳᠡᠭᠦᠯᠵᠦ ᠂ ᠳᠤᠮᠳᠠ ᠵᠡᠷᠭᠡ ᠶᠢᠨ | ᠣᠷᠣᠯᠭ᠎ᠠ ᠲᠠᠢ ᠬᠥᠮᠥᠰ ᠤᠨ ᠬᠡᠪᠴᠢᠶ᠎ᠡ ᠶᠢ ᠥᠷᠭᠡᠳᠬᠡᠵᠦ ᠂ | ᠬᠡᠷᠡᠭᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ | ᠬᠡᠷᠡᠭᠲᠡᠢ ᠃ ᠮᠡᠷᠭᠡᠵᠢᠯ ᠂ ᠡᠨᠧᠷᠭᠢ ᠶᠢᠨ ᠬᠤᠷᠣᠭᠳᠠᠯ ᠂ | ᠭᠠᠳᠠᠭᠰᠢᠯᠠᠭᠤᠯᠤᠯᠲᠠ ᠵᠡᠷᠭᠡ ᠶᠢᠨ ᠪᠠᠷᠢᠮᠵᠢᠶ᠎ᠠ ᠶᠢ | ᠳᠡᠭᠡᠭᠰᠢᠯᠡᠭᠦᠯᠭᠦ ᠪᠠᠷ ᠬᠥᠲᠥᠯᠥᠮᠵᠢ ᠪᠤᠯᠭᠠᠵᠤ ᠂ ᠶᠡᠭᠡ | ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ | ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ | ᠰᠣᠯᠢᠬᠤ ᠶᠢ ᠠᠬᠢᠭᠤᠯᠬᠤ ᠬᠡᠷᠡᠭᠲᠡᠢ ᠃ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠳᠠᠶᠢᠴᠢᠯᠠᠨ ᠶᠡᠬᠡᠰᠬᠡᠬᠦ | ᠦᠢᠯᠡᠳᠦᠯ ᠢ ᠰᠠᠶᠢᠲᠤᠷ ᠪᠠᠳᠠᠷᠠᠭᠤᠯᠵᠤ ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠂ ᠰᠢᠨ᠎ᠡ | ᠭᠡᠯᠪᠡᠷᠢ ᠶᠢᠨ ᠰᠠᠭᠤᠷᠢ ᠲᠥᠬᠦᠭᠡᠷᠦᠮᠵᠢ ᠂ ᠡᠨᠧᠷᠭᠢ | ᠠᠷᠪᠢᠯᠠᠵᠤ ᠪᠣᠬᠢᠷᠳᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠤᠷᠠᠭᠤᠯᠬᠤ ᠶᠢ ᠭᠤᠣᠯᠳᠠᠯᠭ᠎ᠠ ᠲᠠᠢ ᠳᠡᠮᠵᠢᠵᠦ ᠂ ᠰᠢᠨ᠎ᠡ | ᠬᠥᠳᠡᠯᠭᠡᠬᠦ ᠡᠨᠧᠷᠭᠢ ᠶᠢ ᠪᠣᠶᠢᠵᠢᠭᠤᠯᠤᠨ ᠬᠥᠭᠵᠢᠭᠦᠯᠬᠦ | ᠬᠡᠷᠡᠭᠲᠡᠢ ᠃ ᠪᠡᠯᠡ ᠣᠷᠣᠭᠤᠯᠵᠤ ᠪᠡᠯᠡ ᠮᠥᠩᠭᠦ ᠴᠤᠭᠯᠠᠭᠤᠯᠬᠤ | ᠲᠣᠭᠲᠠᠴᠠ ᠶᠢ ᠲᠡᠭᠦᠯᠳᠡᠷᠵᠢᠭᠦᠯᠦᠨ ᠂ ᠵᠠᠰᠠᠭ ᠤᠨ ᠣᠷᠳᠣᠨ ᠪᠠ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ | ᠲᠣᠭᠲᠠᠴᠠ ᠶᠢ ᠬᠡᠷᠡᠭᠵᠢᠭᠦᠯᠵᠦ ᠂ ᠨᠡᠶᠢᠭᠡᠮ ᠤᠨ | ᠬᠥᠷᠥᠩᠭᠡ ᠶᠢᠨ ᠰᠢᠨ᠎ᠡ ᠭᠡᠯᠪᠡᠷᠢ ᠶᠢᠨ ᠰᠠᠭᠤᠷᠢ | ᠲᠥᠬᠦᠭᠡᠷᠦᠮᠵᠢ ᠵᠡᠷᠭᠡ ᠬᠦᠷᠢᠶᠡᠨ ᠤ ᠪᠦᠲᠦᠭᠡᠨ | ᠪᠠᠶᠢᠭᠤᠯᠤᠯᠲᠠ ᠳᠤ ᠣᠷᠤᠯᠴᠠᠬᠤ ᠶᠢ ᠳᠡᠮᠵᠢᠬᠦ ᠬᠡᠷᠡᠭᠲᠡᠢ ᠃ | ᠭᠤᠷᠪᠠ ᠳᠤ ᠭᠤᠣᠯᠳᠠᠯᠭ᠎ᠠ ᠲᠠᠢ ᠬᠦᠷᠢᠶᠡᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ ᠃ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ | ᠲᠥᠯᠥᠪᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠬᠦ ᠳᠤ ᠦᠷᠭᠦᠯᠵᠢᠯᠡᠨ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠃ ︽ ᠬᠤᠶᠠᠷ | ᠡᠷᠡᠰ ᠭᠤᠶᠢᠪᠢᠰᠢ ᠦᠭᠡᠢ ︾ ᠶᠢᠨ ᠪᠠᠶᠢᠭᠤᠯᠤᠮᠵᠢ ᠲᠣᠭᠲᠠᠴᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ ᠂ ᠡᠯ᠎ᠡ ᠲᠥᠷᠥᠯ ᠤᠨ | ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ | ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ ᠂ ᠭᠤᠣᠯᠯᠠᠬᠤ ᠴᠢᠳᠠᠮᠵᠢ ᠶᠢ | ᠴᠢᠩᠭᠠᠳᠬᠠᠨ ᠂ ᠭᠤᠣᠯᠯᠠᠬᠤ ᠥᠷᠢᠰᠦᠯᠳᠦᠬᠦ ᠬᠦᠴᠦᠨ ᠢ | ᠳᠡᠭᠡᠭᠰᠢᠯᠡᠭᠦᠯᠭᠦ ᠬᠡᠷᠡᠭᠲᠡᠢ ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠠᠬᠢᠭᠤᠯᠵᠤ ᠂ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠂ ᠬᠦᠴᠦᠨ ᠵᠦᠢᠯ ᠢ ᠣᠯᠬᠤ ᠂ | ᠭᠤᠤᠯᠴᠢ ᠪᠠᠷ ᠬᠠᠤᠯᠢ ᠬᠡᠷᠡᠭᠵᠢᠭᠦᠯᠬᠦ ᠂ ᠡᠷᠬᠡ ᠠᠰᠢᠭ ᠢ | ᠬᠠᠮᠠᠭᠠᠯᠠᠬᠤ ᠵᠡᠷᠭᠡ ᠲᠠᠯ᠎ᠠ ᠪᠠᠷ ᠨᠢᠭᠡ ᠪᠦᠯᠦᠭ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠃ ᠳᠤᠮᠳᠠ | ᠪᠠᠭ᠎ᠠ ᠠᠵᠤ ᠠᠬᠤᠶᠢᠯᠠᠯ ᠤᠨ ᠲᠤᠰᠬᠠᠢ ᠨᠠᠷᠢᠯᠢᠭ ᠣᠨᠴᠠᠭᠠᠢ | ᠰᠢᠨ᠎ᠡ ᠬᠥᠭᠵᠢᠯᠲᠡ ᠶᠢ ᠠᠬᠢᠭᠤᠯᠬᠤ ᠬᠡᠷᠡᠭᠲᠡᠢ ᠃ ᠪᠦᠭᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠲᠦᠷᠭᠡᠳᠬᠡᠵᠦ ᠂ ᠡᠯ᠎ᠡ ᠵᠦᠢᠯ ᠤᠨ | ᠭᠡᠯᠪᠡᠷᠢ ᠶᠢᠨ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ | ᠳᠡᠯᠭᠡᠭᠦᠷ ᠤᠨ ᠬᠡᠰᠡᠭᠯᠡᠯ ᠢ ᠬᠦᠴᠦᠯᠡᠨ ᠠᠷᠢᠯᠭᠠᠬᠤ | ᠬᠡᠷᠡᠭᠲᠡᠢ ᠃ ᠪᠦᠭᠦ ᠨᠡᠶᠢᠭᠡᠮ ᠤᠨ ᠪᠠᠷᠠᠭᠠᠨ ᠤ | ᠭᠦᠢᠯᠭᠡᠭᠡᠨ ᠤ ᠥᠪᠡᠷ ᠤᠨ ᠥᠷᠲᠡᠭ ᠢ ᠪᠦᠲᠦᠮᠵᠢᠲᠡᠶ | ᠪᠠᠭᠤᠷᠠᠭᠤᠯᠬᠤ ᠬᠡᠷᠡᠭᠲᠡᠢ ᠃ ᠰᠢᠨ᠎ᠡ ᠨᠢᠭᠡ ᠡᠭᠡᠯᠵᠢ ᠶᠢᠨ | ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠲᠥᠯᠥᠪᠵᠢᠭᠦᠯᠵᠦ ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠬᠡᠷᠡᠭᠲᠡᠢ ᠃ | ᠳᠥᠷᠪᠡ ᠳᠤ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠥᠷᠭᠡᠳᠬᠡᠬᠦ ᠬᠡᠷᠡᠭᠲᠡᠢ ᠃ ᠭᠠᠳᠠᠭᠠᠳᠤ | ᠠᠷᠠᠯᠵᠢᠶᠠᠨ ᠤ ᠰᠢᠨ᠎ᠡ ᠬᠥᠳᠡᠯᠭᠡᠬᠦ ᠡᠨᠧᠷᠭᠢ ᠶᠢ ᠲᠦᠷᠭᠡᠨ | ᠪᠣᠶᠢᠵᠢᠭᠤᠯᠵᠤ ᠂ ᠭᠠᠳᠠᠭᠠᠳᠤ ᠠᠷᠠᠯᠵᠢᠶ᠎ᠠ ᠭᠠᠳᠠᠭᠠᠳᠤ | ᠪᠡᠯᠡ ᠶᠢᠨ ᠦᠨᠳᠦᠰᠦᠨ ᠪᠠᠶᠢᠳᠠᠯ ᠢ ᠪᠠᠬᠢᠵᠢᠭᠦᠯᠵᠦ ᠂ | ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ ᠂ | ᠦᠢᠯᠡᠴᠢᠯᠡᠭᠡᠨ ᠤ ᠠᠷᠠᠯᠵᠢᠶ᠎ᠠ ᠂ ᠲᠣᠭᠠᠴᠢᠯᠠᠭᠰᠠᠨ | ᠠᠷᠠᠯᠵᠢᠶ᠎ᠠ ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢ ᠥᠷᠭᠡᠳᠬᠡᠬᠦ | ᠬᠡᠷᠡᠭᠲᠡᠢ ᠃ ᠴᠠᠭᠢᠯᠭᠠᠨ ᠬᠤᠯᠪᠤᠭ᠎ᠠ ᠂ ᠡᠮ ᠡᠮᠨᠡᠯᠭᠡ ᠵᠡᠷᠭᠡ | ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠢ ᠴᠢᠯᠦᠭᠡᠲᠡᠢ ᠪᠤᠯᠭᠠᠵᠤ ᠂ ᠣᠯᠠᠨ ᠤᠯᠤᠰ ᠤᠨ | ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ | ᠳᠦᠷᠢᠮ ᠲᠠᠢ ᠬᠠᠷᠭᠤᠭᠤᠯᠵᠤ ᠂ ᠲᠤᠭ᠎ᠠ ᠪᠠᠷᠢᠮᠲᠠ ᠶᠢᠨ ᠬᠢᠯᠢ | ᠠᠯᠤᠰᠯᠠᠨ ᠰᠢᠯᠵᠢᠭᠦ ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠳᠤ ᠡᠷᠬᠡ ᠲᠡᠭᠰᠢ ᠪᠠᠷ ᠣᠷᠤᠯᠴᠠᠬᠤ ᠵᠡᠷᠭᠡ | ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ ᠂ ᠵᠠᠬ᠎ᠠ | ᠳᠡᠯᠭᠡᠭᠦᠷᠴᠢᠯᠡᠭᠰᠡᠨ ᠂ ᠬᠠᠤᠯᠢᠵᠢᠭᠰᠠᠨ ᠂ | ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ | ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ ᠂ | ︽ ᠪᠡᠯᠡ ᠣᠷᠣᠭᠤᠯᠤᠯᠲᠠ ᠶᠢᠨ ᠳᠤᠮᠳᠠᠳᠤ ᠤᠯᠤᠰ ︾ ᠤᠨ ᠲᠥᠷᠥᠯ | ᠲᠡᠮᠳᠡᠭ ᠢ ᠪᠤᠶ ᠪᠤᠯᠭᠠᠬᠤ ᠬᠡᠷᠡᠭᠲᠡᠢ ᠃ ᠭᠠᠳᠠᠭᠠᠳᠤ ᠶᠢᠨ | ᠬᠥᠮᠥᠰ ᠤᠨ ᠳᠤᠮᠳᠠᠳᠤ ᠤᠯᠤᠰ ᠲᠤ ᠢᠷᠡᠵᠦ ᠠᠷᠠᠯᠵᠢᠶ᠎ᠠ ᠬᠢᠬᠦ ᠂ | ᠰᠤᠷᠤᠯᠴᠠᠬᠤ ᠂ ᠵᠢᠭᠤᠯᠴᠢᠯᠠᠬᠤ ᠶᠢᠨ ᠲᠦᠭᠵᠢᠷᠡᠯ ᠢ ᠦᠨᠡᠨ ᠬᠦ | ᠨᠡᠪᠲᠡᠷᠡᠭᠦᠯᠬᠦ ᠬᠡᠷᠡᠭᠲᠡᠢ ᠃ ︽ ᠨᠢᠭᠡ ᠪᠦᠰᠡ ᠨᠢᠭᠡ ᠵᠠᠮ ︾ ᠢ | ᠬᠠᠮᠲᠤ ᠪᠠᠷ ᠪᠦᠲᠦᠭᠡᠨ ᠪᠠᠶᠢᠭᠤᠯᠬᠤ ᠶᠢ ᠳᠡᠮᠵᠢᠬᠦ ᠨᠠᠢᠮᠠᠨ | ᠵᠦᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠰᠠᠶᠢᠲᠤᠷ ᠠᠳᠬᠤᠵᠤ ᠂ ᠴᠢᠬᠤᠯᠠ ᠶᠡᠭᠡ | ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠠ ︽ ᠪᠠᠭ᠎ᠠ | ᠪᠤᠯᠪᠠᠴᠤ ᠪᠦᠷᠢᠨ ᠴᠢᠳᠠᠮᠵᠢᠲᠤ ︾ ᠠᠷᠠᠳ ᠤᠨ ᠠᠮᠢᠳᠤᠷᠠᠯ ᠤᠨ | ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ | ᠬᠡᠷᠡᠭᠲᠡᠢ ᠃ | ᠲᠠᠪᠤ ᠳᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ | ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠶ ᠰᠡᠷᠭᠡᠶᠢᠯᠡᠨ | ᠠᠷᠢᠯᠭᠠᠬᠤ ᠬᠡᠷᠡᠭᠲᠡᠢ ᠃ ᠭᠡᠷ ᠭᠠᠵᠠᠷ ᠤᠨ ᠬᠥᠷᠥᠩᠭᠡ ᠂ ᠣᠷᠣᠨ | ᠨᠤᠲᠤᠭ ᠤᠨ ᠥᠷᠢ ᠥᠭᠴᠡᠭᠡ ᠂ ᠳᠤᠮᠳᠠ ᠪᠠᠭ᠎ᠠ ᠮᠥᠩᠭᠦᠨ | ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠠᠶᠤᠯ | ᠲᠦᠭᠰᠢᠭᠦᠷᠢ ᠶᠢ ᠨᠢᠭᠡᠳᠦᠯᠲᠡᠢ ᠲᠥᠯᠥᠪᠵᠢᠭᠦᠯᠦᠨ | ᠰᠢᠢᠳᠪᠦᠷᠢᠯᠡᠵᠦ ᠂ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠰᠢᠰᠲ᠋ᠧᠮ ᠤᠨ | ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ | ᠱᠤᠭᠤᠮ ᠢ ᠡᠷᠡᠰ ᠰᠠᠬᠢᠬᠤ ᠬᠡᠷᠡᠭᠲᠡᠢ ᠃ ᠭᠡᠷ ᠭᠠᠵᠠᠷ ᠤᠨ | ᠬᠥᠷᠥᠩᠭᠡ ᠶᠢᠨ ᠠᠶᠤᠯ ᠲᠦᠭᠰᠢᠭᠦᠷᠢ ᠶᠢ ᠢᠳᠡᠪᠬᠢᠲᠡᠢ ᠪᠥᠭᠡᠳ | ᠯᠠᠪᠳᠠᠭᠤᠨ ᠢᠶᠠᠷ ᠠᠷᠢᠯᠭᠠᠵᠤ ᠂ ᠠᠳᠠᠯᠢ ᠪᠤᠰᠤ ᠥᠮᠴᠢᠯᠡᠯ ᠤᠨ | ᠭᠡᠷ ᠭᠠᠵᠠᠷ ᠤᠨ ᠬᠥᠷᠥᠩᠭᠡ ᠶᠢᠨ ᠠᠵᠤ ᠠᠬᠤᠶᠢᠯᠠᠯ ᠤᠨ ᠵᠦᠢ | ᠵᠣᠬᠢᠰᠲᠠᠢ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠶᠢ | ᠨᠢᠭᠡ ᠯᠡ ᠠᠳᠠᠯᠢ ᠪᠠᠷ ᠬᠠᠩᠭᠠᠵᠤ ᠂ ᠭᠡᠷ ᠭᠠᠵᠠᠷ ᠤᠨ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠃ | ᠪᠠᠲᠤᠯᠠᠪᠤᠷᠢ ᠶᠢᠨ ᠴᠢᠨᠠᠷᠲᠠᠢ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠂ ︽ ᠡᠩ ᠤᠨ ᠪᠠ ᠪᠠᠴᠢᠮ | ᠪᠠᠶᠢᠳᠠᠯ ᠳᠤ ᠵᠡᠷᠭᠡ ᠪᠠᠷ ᠬᠡᠷᠡᠭᠯᠡᠬᠦ︾ ᠤᠯᠠᠨ | ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠂ ᠬᠤᠳᠠ ᠳᠤᠮᠳᠠᠬᠢ ᠲᠣᠰᠬᠤᠨ ᠢ ᠥᠭᠡᠷᠡᠴᠢᠯᠡᠨ | ᠪᠠᠶᠢᠭᠤᠯᠬᠤ ᠵᠡᠷᠭᠡ ︽ ᠭᠤᠷᠪᠠᠨ ᠶᠡᠭᠡ ᠢᠨᠵᠧᠨᠧᠷᠢᠩ ︾ ᠢ | ᠲᠦᠷᠭᠡᠳᠬᠡᠨ ᠠᠬᠢᠭᠤᠯᠬᠤ ᠬᠡᠷᠡᠭᠲᠡᠢ ᠃ ᠬᠠᠮᠢᠶ᠎ᠠ ᠪᠦᠬᠦᠢ | ᠰᠠᠭᠤᠷᠢ ᠴᠢᠨᠠᠷᠲᠠᠢ ᠳᠦᠷᠢᠮ ᠢ ᠲᠡᠭᠦᠯᠳᠡᠷᠵᠢᠭᠦᠯᠵᠦ ᠂ ᠭᠡᠷ | ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ | ᠵᠠᠭᠪᠤᠷ ᠢ ᠲᠦᠷᠭᠡᠳᠬᠡᠨ ᠪᠠᠶᠢᠭᠤᠯᠬᠤ ᠬᠡᠷᠡᠭᠲᠡᠢ ᠃ ᠣᠷᠣᠨ | ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ | ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ | ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠠᠵᠤ ᠠᠬᠤᠢ ᠶᠢᠨ | ᠲᠣᠮᠣ ᠮᠤᠵᠢ ᠦᠨᠡᠨ ᠬᠦ ᠴᠢᠬᠤᠯᠠ ᠡᠭᠦᠷᠭᠡ ᠶᠢ ᠡᠭᠦᠷᠭᠡᠯᠡᠵᠦ ᠂ | ᠪᠦᠭᠦ ᠤᠯᠤᠰ ᠤᠨ ᠠᠵᠤ ᠠᠬᠤᠢ ᠶᠢ ᠲᠣᠭᠲᠠᠪᠤᠷᠢᠵᠢᠭᠤᠯᠬᠤ ᠳᠤ | ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠃ | ᠵᠢᠷᠭᠤᠭ᠎ᠠ ᠳᠤ ︽ ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ ︾ ᠤ ᠠᠵᠢᠯ ᠢ ᠴᠥᠬᠦᠷᠡᠰᠢ ᠦᠭᠡᠢ ᠰᠠᠶᠢᠲᠤᠷ | ᠠᠳᠬᠤᠬᠤ ᠬᠡᠷᠡᠭᠲᠡᠢ ᠃ ᠬᠥᠳᠡᠭᠡ ᠠᠵᠤ ᠠᠬᠤᠢ ᠶᠢᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠪᠠᠲᠤ | ᠡᠵᠡᠮᠳᠡᠵᠦ ᠂ ︽ ᠮᠢᠩᠭᠠᠨ ᠲᠦᠮᠡ ᠶᠢᠨ ᠢᠨᠵᠧᠨᠧᠷᠢᠩ ︾ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠂ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠵᠤ ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ | ᠪᠠᠲᠤᠯᠠᠵᠤ ᠂ ᠬᠡᠪᠴᠢᠶᠡᠵᠢᠯ ᠤᠨ ᠴᠢᠨᠠᠷᠲᠠᠢ ᠲᠠᠭᠢᠨ | ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ | ᠪᠠᠲᠤᠯᠠᠬᠤ ᠪᠠᠷ ᠬᠤᠷᠢᠭ᠎ᠠ ᠱᠤᠭᠤᠮ ᠪᠤᠯᠭᠠᠵᠤ ᠂ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ | ᠳᠡᠭᠡᠭᠰᠢᠯᠡᠭᠦᠯᠭᠦ ᠂ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠂ | ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠵᠤ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ | ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ | ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ | ᠬᠡᠮᠵᠢᠶ᠎ᠡ ᠶᠢ ᠴᠢᠩᠭᠠᠳᠬᠠᠵᠤ ᠂ ᠬᠦᠴᠦᠨ ᠢᠶᠠᠨ | ᠲᠥᠪᠯᠡᠷᠡᠭᠦᠯᠦᠨ ᠤᠯᠠᠨ ᠲᠦᠮᠡᠨ ᠤ ᠮᠡᠳᠡᠷᠡᠵᠦ ᠬᠦᠷᠲᠡᠵᠦ | ᠪᠣᠯᠬᠤᠶᠢᠴᠠ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ | ᠠᠳᠬᠤᠵᠤ ᠂ ᠠᠵᠢᠯᠯᠠᠵᠤ ᠠᠮᠢᠳᠤᠷᠠᠬᠤ ᠳᠤ ᠲᠣᠬᠢᠲᠠᠢ ᠪᠥᠭᠡᠳ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ | ᠪᠠᠶᠢᠭᠤᠯᠬᠤ ᠬᠡᠷᠡᠭᠲᠡᠢ ᠃ ᠠᠮᠤ ᠪᠤᠳᠠᠭ᠎ᠠ ᠵᠡᠷᠭᠡ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠤ | ᠬᠠᠩᠭᠠᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ | ᠠᠳᠬᠤᠵᠤ ᠂ ᠠᠮᠤ ᠪᠤᠳᠠᠭᠠᠨ ᠤ ᠦᠢᠯᠡᠳᠪᠦᠷᠢᠯᠡᠯ | ᠪᠣᠷᠤᠯᠠᠭᠤᠯᠭ᠎ᠠ ᠶᠢᠨ ᠣᠷᠣᠨ ᠮᠤᠵᠢ ᠶᠢᠨ ᠬᠤᠭᠤᠷᠣᠨᠳᠣᠭᠢ | ᠬᠥᠨᠳᠡᠯᠡᠨ ᠴᠢᠭᠯᠡᠯ ᠤᠨ ᠠᠰᠢᠭ ᠲᠤᠰᠠ ᠶᠢᠨ ᠨᠥᠬᠦᠪᠦᠷᠢ ᠶᠢᠨ | ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠲᠠᠷᠢᠶᠠᠨ | ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ | ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ | ᠲᠡᠭᠦᠯᠳᠡᠷᠵᠢᠭᠦᠯᠵᠦ ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠣᠷᠣᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ | ᠬᠡᠷᠡᠭᠲᠡᠢ ᠃ ᠬᠠᠮ ᠲᠠᠷᠢᠶᠠᠯᠠᠩ ᠤᠨ ᠦᠵᠡᠯᠲᠡ ᠂ ᠬᠠᠮ | ᠢᠳᠡᠭᠡᠨ ᠤ ᠦᠵᠡᠯᠲᠡ ᠶᠢ ᠪᠤᠢ ᠪᠤᠯᠭᠠᠵᠤ ᠂ ᠬᠥᠳᠡᠭᠡ ᠠᠵᠤ | ᠠᠬᠤᠢ ᠶᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ | ᠪᠦᠲᠦᠭᠡᠨ ᠪᠠᠶᠢᠭᠤᠯᠬᠤ ᠬᠡᠷᠡᠭᠲᠡᠢ ᠃ | ᠳᠣᠯᠤᠭ᠎ᠠ ᠳᠤ ᠬᠤᠲᠠ ᠬᠥᠳᠡᠭᠡ ᠶᠢᠨ ᠠᠭᠤᠰᠤᠯᠴᠠᠯ ᠂ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ | ᠬᠡᠷᠡᠭᠲᠡᠢ ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ | ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠶᠢ ᠣᠷᠭᠠᠨᠢᠭ ᠢᠶᠠᠷ | ᠤᠶᠠᠯᠳᠤᠭᠤᠯᠵᠤ ᠂ ᠡᠯ᠎ᠡ ᠲᠥᠷᠥᠯ ᠤᠨ ᠡᠯᠧᠮᠧᠨ᠋ᠲ ᠤᠨ ᠬᠤᠣᠰ | ᠴᠢᠭᠯᠡᠯ ᠢᠶᠠᠷ ᠰᠢᠯᠵᠢᠭᠦ ᠶᠢ ᠠᠬᠢᠭᠤᠯᠵᠤ ᠂ ᠰᠢᠶᠠᠨ ᠤ | ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ ᠂ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ | ᠪᠦᠷᠢᠯᠳᠦᠭᠦᠯᠬᠦ ᠬᠡᠷᠡᠭᠲᠡᠢ ᠃ ᠬᠤᠲᠠ ᠶᠢ ᠰᠢᠨᠡᠳᠬᠡᠬᠦ | ᠠᠵᠢᠯᠯᠠᠭ᠎ᠠ ᠶᠢ ᠬᠡᠷᠡᠭᠵᠢᠭᠦᠯᠵᠦ ᠂ ᠰᠠᠭᠤᠷᠢᠰᠢᠬᠤ ᠳᠤ | ᠲᠣᠬᠢᠷᠠᠮᠵᠢᠲᠠᠢ ᠂ ᠤᠶᠠᠨ ᠬᠠᠲᠠᠨ ᠴᠢᠨᠠᠷᠲᠠᠢ ᠂ ᠣᠶᠤᠨᠴᠢ | ᠬᠤᠲᠠ ᠶᠢ ᠴᠣᠭᠴᠠᠯᠠᠨ ᠪᠠᠶᠢᠭᠤᠯᠬᠤ ᠬᠡᠷᠡᠭᠲᠡᠢ ᠃ ᠡᠯ᠎ᠡ ᠭᠠᠵᠠᠷ | ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ | ᠪᠠᠳᠠᠷᠠᠭᠤᠯᠵᠤ ᠂ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ | ᠲᠣᠭᠲᠠᠭᠠᠯᠲᠠ ᠶᠣᠰᠣᠭᠠᠷ ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠠᠭᠤᠰᠤᠯᠴᠠᠬᠤ | ᠪᠠ ᠦᠢᠯᠡᠴᠢᠯᠡᠬᠦ ᠬᠡᠷᠡᠭᠲᠡᠢ ᠃ ᠴᠢᠬᠤᠯᠠ ᠶᠡᠭᠡ | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ ᠂ ᠤᠯᠤᠰ ᠤᠨ ᠪᠠᠶᠢᠯᠳᠤᠬᠤ | ᠪᠣᠳᠣᠯᠭ᠎ᠠ ᠶᠢᠨ ᠥᠷᠥᠴᠡ ᠣᠷᠣᠨ ᠤ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ ᠳᠠᠯᠠᠢ | ᠲᠠᠩᠭᠢᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ | ᠳᠠᠯᠠᠢ ᠲᠠᠩᠭᠢᠰ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠬᠡᠷᠡᠭᠲᠡᠢ ᠃ | ᠨᠠᠢᠮᠠ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ | ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠭᠦᠨᠵᠡᠭᠡᠢ ᠠᠬᠢᠭᠤᠯᠬᠤ ᠬᠡᠷᠡᠭᠲᠡᠢ ᠃ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ | ᠣᠷᠣᠨ ᠢ ᠪᠦᠲᠦᠭᠡᠨ ᠪᠠᠶᠢᠭᠤᠯᠵᠤ ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠥᠨᠳᠦᠷᠯᠢᠭ ᠢ | ᠴᠣᠭᠴᠠᠯᠠᠬᠤ ᠬᠡᠷᠡᠭᠲᠡᠢ ᠃ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ | ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ ᠂ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠳᠬᠡᠨ ᠪᠠᠶᠢᠭᠤᠯᠬᠤ | ᠬᠡᠷᠡᠭᠲᠡᠢ ᠃ ᠬᠥᠬᠡ ᠣᠭᠲᠠᠷᠭᠤᠢ ᠂ ᠬᠥᠬᠡᠮᠳᠦᠭ ᠤᠰᠤ ᠂ ᠴᠡᠪᠡᠷ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ | ᠭᠦᠨᠵᠡᠭᠡᠢ ᠰᠠᠶᠢᠲᠤᠷ ᠬᠢᠬᠦ ᠬᠡᠷᠡᠭᠲᠡᠢ ᠃ ᠠᠮᠢ ᠠᠬᠤᠢ ᠶᠢᠨ | ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ ᠃ ᠬᠠᠮᠲᠤ ᠶᠢᠨ ᠣᠶ ᠶᠢᠨ | ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠬᠡᠷᠡᠭᠲᠡᠢ ᠃ ᠰᠢᠨ᠎ᠡ ᠭᠡᠯᠪᠡᠷᠢ ᠶᠢᠨ | ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ ᠂ ᠡᠬᠢ | ᠪᠠᠶᠠᠯᠢᠭ ᠢ ᠠᠷᠪᠢᠯᠠᠬᠤ ᠡᠷᠴᠢᠮᠵᠢᠭᠦᠯᠬᠦ ᠣᠷᠴᠢᠯᠳᠤᠭᠤᠯᠬᠤ | ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠴᠢᠩᠭᠠᠳᠬᠠᠵᠤ ᠂ | ᠡᠨᠧᠷᠭᠢ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ | ᠶᠢᠰᠦ ᠳᠤ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ | ᠰᠠᠶᠢᠵᠢᠷᠠᠭᠤᠯᠬᠤ ᠬᠡᠷᠡᠭᠲᠡᠢ ᠃ ᠪᠦᠭᠦ ᠬᠦᠴᠦᠨ ᠢᠶᠠᠷ ᠢᠶᠠᠨ | ᠴᠢᠷᠮᠠᠶᠢᠵᠤ ᠂ ᠴᠢᠳᠠᠯ ᠤᠨ ᠢᠶᠠᠨ ᠬᠢᠷᠢ ᠪᠠᠷ ᠬᠢᠵᠦ ᠂ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤᠯᠠᠵᠤ ᠂ | ᠣᠨᠣᠴᠠᠲᠠᠢ ᠪᠠᠲᠤᠯᠠᠵᠤ ᠂ ᠪᠠᠲᠤ ᠪᠠᠬᠢ ᠪᠠᠲᠤᠯᠠᠬᠤ ᠬᠡᠷᠡᠭᠲᠡᠢ | ᠃ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ | ᠤᠳᠤᠷᠢᠳᠤᠮᠵᠢ ᠶᠢ ᠨᠠᠩ ᠳᠣᠪᠤᠶᠢᠯᠭᠠᠵᠤ ᠂ ᠭᠤᠣᠯᠳᠠᠯᠭ᠎ᠠ ᠲᠠᠢ | ᠬᠥᠮᠥᠰ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ | ᠦᠨᠡᠨ ᠬᠦ ᠪᠠᠲᠤᠯᠠᠬᠤ ᠬᠡᠷᠡᠭᠲᠡᠢ ᠃ ᠨᠡᠶᠢᠭᠡᠮ ᠤᠨ | ᠪᠠᠲᠤᠯᠠᠭ᠎ᠠ ᠶᠢᠨ ᠲᠣᠣᠷ ᠢ ᠨᠢᠭᠲᠠ ᠪᠥᠭᠡᠳ ᠪᠠᠲᠤ ᠰᠦᠯᠵᠢᠵᠦ ᠂ | ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ | ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠬᠦ | ᠬᠡᠷᠡᠭᠲᠡᠢ ᠃ ᠦᠷᠡᠵᠢᠯ ᠢ ᠳᠡᠮᠵᠢᠬᠦ ᠲᠥᠷᠥ ᠶᠢᠨ | ᠪᠣᠳᠣᠯᠭ᠎ᠠ ᠶᠢᠨ ᠰᠢᠰᠲ᠋ᠧᠮ ᠢ ᠲᠦᠷᠭᠡᠪᠴᠢᠯᠡᠨ | ᠲᠡᠭᠦᠯᠳᠡᠷᠵᠢᠭᠦᠯᠵᠦ ᠂ ᠪᠤᠭᠤᠷᠤᠯᠴᠤᠳ ᠤᠨ ᠠᠵᠤ ᠠᠬᠤᠢ ᠶᠢ | ᠬᠥᠭᠵᠢᠭᠦᠯᠦᠨ ᠂ ᠬᠥᠮᠥᠨ ᠠᠮᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ ᠃ | ᠬᠤᠷᠠᠯ ᠠᠴᠠ ᠂ ᠨᠠᠮ ᠤᠨ ᠲᠥᠪ ᠬᠤᠷᠢᠶ᠎ᠠ ᠶᠢᠨ ᠠᠵᠤ | ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ | ᠮᠠᠭᠠᠳᠯᠠᠯᠲᠠ ᠶᠢ ᠭᠦᠨᠵᠡᠭᠡᠢ ᠣᠶᠢᠯᠠᠭᠠᠵᠤ ᠂ ᠠᠵᠤ ᠠᠬᠤᠢ ᠶᠢᠨ | ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ | ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ ᠂ ᠠᠯᠢᠪᠠ | ᠠᠰᠢᠭᠲᠠᠢ ᠴᠠᠭ ᠲᠣᠭᠢᠶᠠᠯ ᠢ ᠠᠮᠵᠢᠵᠤ ᠂ ᠠᠯᠢᠪᠠ ᠠᠰᠢᠭᠲᠠᠢ | ᠨᠥᠬᠦᠴᠡᠯ ᠢ ᠠᠰᠢᠭᠯᠠᠵᠤ ᠂ ᠦᠵᠡᠵᠦ ᠲᠣᠭᠲᠠᠪᠠᠯ ᠱᠠᠯᠠᠪᠳᠠᠨ | ᠬᠢᠵᠦ ᠂ ᠢᠯᠡᠭᠦᠦ ᠬᠢᠵᠦ ᠳᠡᠶᠢᠯᠪᠡᠯ ᠢᠯᠡᠭᠦᠬᠡᠨ ᠬᠢᠵᠦ ᠂ ᠲᠤᠰ | ᠪᠡᠶ᠎ᠡ ᠶᠢᠨ ᠠᠵᠢᠯ ᠤᠨ ᠲᠣᠬᠲᠠᠭᠠᠯᠲᠤ ᠴᠢᠨᠠᠷ ᠢᠶᠠᠷ | ᠪᠠᠶᠢᠳᠠᠯ ᠤᠨ ᠬᠤᠪᠢᠷᠠᠯᠲᠠ ᠶᠢᠨ ᠲᠣᠭᠲᠠᠪᠤᠷᠢ ᠦᠭᠡᠢ | ᠴᠢᠨᠠᠷ ᠢ ᠠᠷᠭᠠᠴᠠᠭᠠᠬᠤ ᠪᠠᠷ ᠴᠢᠷᠮᠠᠶᠢᠬᠤ ᠬᠡᠷᠡᠭᠲᠡᠢ ᠃ | ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ | ᠱᠠᠭᠠᠷᠳᠠᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ | ᠬᠤᠷᠳᠤᠴᠠ ᠪᠣᠯᠣᠨ ᠶᠠᠰᠤ ᠴᠢᠨᠠᠷ ᠂ ᠬᠤᠷᠸ᠎ᠠ ᠲᠤᠭ᠎ᠠ ᠪᠠᠷᠢᠮᠲᠠ | ᠪᠣᠯᠣᠨ ᠬᠤᠮᠠᠬᠢ ᠲᠥᠷᠥᠭᠳᠡᠯ ᠂ ᠠᠵᠤ ᠠᠬᠤᠢ ᠶᠢ ᠬᠥᠭᠵᠢᠭᠦᠯᠬᠦ | ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠂ | ᠬᠥᠭᠵᠢᠯᠲᠡ ᠪᠣᠯᠣᠨ ᠠᠮᠤᠷ ᠲᠦᠪᠰᠢᠨ ᠤ ᠬᠠᠷᠢᠴᠠᠭ᠎ᠠ ᠶᠢ | ᠰᠠᠶᠢᠲᠤᠷ ᠡᠵᠡᠮᠰᠢᠨ ᠰᠢᠢᠳᠪᠦᠷᠢᠯᠡᠬᠦ ᠶᠢ ᠠᠩᠬᠠᠷᠴᠤ ᠂ ᠠᠵᠤ | ᠠᠬᠤᠢ ᠶᠢᠨ ᠰᠡᠷᠭᠦᠨ ᠰᠠᠶᠢᠵᠢᠷᠠᠬᠤ ᠪᠠᠶᠢᠳᠠᠯ ᠢ ᠳᠠᠰᠤᠷᠠᠯᠳᠠ | ᠦᠭᠡᠢ ᠪᠠᠬᠢᠵᠢᠭᠦᠯᠦᠨ ᠴᠢᠩᠭᠠᠳᠬᠠᠬᠤ ᠬᠡᠷᠡᠭᠲᠡᠢ ᠃ ᠢᠷᠡᠬᠦ | ᠵᠢᠯ ᠤᠨ ᠠᠵᠤ ᠠᠬᠤᠢ ᠶᠢᠨ ᠠᠵᠢᠯ ᠤᠨ ᠲᠥᠷᠥ ᠶᠢᠨ | ᠪᠣᠳᠣᠯᠭ᠎ᠠ ᠶᠢᠨ ᠬᠠᠨᠳᠤᠰᠢ ᠶᠢ ᠣᠨᠣᠪᠴᠢᠲᠠᠶ ᠡᠵᠡᠮᠳᠡᠵᠦ ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ | ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ | ᠂ ᠬᠠᠮ ᠦᠢᠯᠡᠳᠦᠯ ᠢ ᠶᠡᠬᠡᠰᠬᠡᠵᠦ ᠂ ᠲᠥᠷᠥ ᠶᠢᠨ | ᠪᠣᠳᠣᠯᠭ᠎ᠠ ᠶᠢᠨ ᠨᠥᠭᠡᠴᠡᠯᠡᠯᠲᠡ ᠶᠢᠨ ᠲᠠᠯ᠎ᠠ ᠪᠠᠷ | ᠤᠷᠢᠳᠴᠢᠯᠠᠭᠰᠠᠨ ᠬᠡᠮᠵᠢᠶ᠎ᠡ ᠶᠢ ᠰᠠᠶᠢᠲᠤᠷ ᠬᠢᠵᠦ ᠂ ᠢᠯᠡᠭᠦᠴᠡ | ᠬᠡᠮᠵᠢᠶ᠎ᠡ ᠶᠢ ᠦᠯᠡᠳᠡᠭᠡᠨ ᠂ ᠲᠥᠷᠥ ᠶᠢᠨ ᠪᠣᠳᠣᠯᠭ᠎ᠠ ᠶᠢᠨ | ᠦᠷ᠎ᠡ ᠪᠦᠲᠦᠮᠵᠢ ᠶᠢ ᠦᠨᠡᠯᠡᠬᠦ ᠲᠠᠯ᠎ᠠ ᠪᠠᠷ ᠪᠦᠲᠦᠮᠵᠢᠲᠡᠶ | ᠴᠢᠨᠠᠷ ᠢ ᠴᠢᠬᠤᠯᠠᠴᠢᠯᠠᠵᠤ ᠂ ᠬᠦᠷᠲᠡᠮᠵᠢ ᠶᠢᠨ ᠲᠥᠷᠥᠭᠳᠡᠯ ᠢ | ᠨᠡᠮᠡᠭᠳᠡᠭᠦᠯᠦᠨ ᠂ ᠬᠤᠷᠸ᠎ᠠ ᠲᠥᠷᠥ ᠶᠢᠨ ᠪᠣᠳᠣᠯᠭ᠎ᠠ ᠪᠠᠷ | ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠦᠷ᠎ᠡ | ᠪᠦᠲᠦᠮᠵᠢ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ ᠃ | ᠠᠵᠢᠯ ᠢ ᠠᠬᠢᠭᠤᠯᠬᠤ ᠠᠷᠭ᠎ᠠ ᠭᠡᠯᠪᠡᠷᠢ ᠶᠢ ᠴᠢᠬᠤᠯᠠᠴᠢᠯᠠᠵᠤ ᠂ | ᠭᠤᠣᠯ ᠵᠥᠷᠢᠴᠡᠯ ᠢ ᠠᠳᠬᠤᠵᠤ ᠂ ᠪᠣᠭᠤᠮᠢ ᠬᠢᠵᠠᠭᠠᠷᠯᠠᠯ ᠢ | ᠰᠢᠪᠲᠤᠯᠵᠤ ᠂ ᠤᠷᠢᠳᠠᠴᠢ ᠪᠠᠶᠢᠷᠢᠰᠢᠭᠤᠯᠤᠯᠲᠠ ᠶᠢ | ᠴᠢᠬᠤᠯᠠᠴᠢᠯᠠᠵᠤ ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ | ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ | ᠡᠷᠡᠮᠡᠬᠡᠶᠢᠯᠡᠨ ᠲᠡᠮᠡᠴᠡᠬᠦ ᠤᠶᠤᠨ ᠰᠠᠨᠠᠭᠠᠨ ᠤ ᠳᠦᠷᠰᠦ | ᠪᠠᠶᠢᠳᠠᠯ ᠢᠶᠠᠨ ᠢᠮᠠᠭᠲᠠ ᠪᠠᠲᠤᠯᠠᠵᠤ ᠂ ︽ ᠤᠯᠤᠰ ᠤᠨ ᠶᠡᠭᠡ | ᠶᠠᠪᠤᠳᠠᠯ ︾ ᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ ᠂ ᠬᠠᠮᠵᠢᠯᠴᠠᠭ᠎ᠠ | ᠵᠣᠬᠢᠴᠠᠭᠤᠯᠭ᠎ᠠ ᠪᠠᠨ ᠴᠢᠩᠭᠠᠳᠬᠠᠵᠤ ᠂ ᠬᠥᠲᠥᠯᠬᠦ ᠴᠢᠨᠠᠷ ᠂ | ᠬᠥᠰᠢᠭᠦᠷᠭᠡ ᠶᠢᠨ ᠴᠢᠨᠠᠷ ᠢᠶᠠᠷ ᠴᠢᠩᠭ᠎ᠠ ᠠᠵᠢᠯ ᠤᠨ | ᠭᠠᠷᠳᠠᠴᠠ ᠶᠢ ᠢᠳᠡᠪᠬᠢᠲᠡᠢ ᠲᠥᠯᠥᠪᠵᠢᠭᠦᠯᠦᠨ ᠰᠠᠶᠢᠲᠤᠷ | ᠬᠡᠷᠡᠭᠯᠡᠵᠦ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠠᠵᠤ | ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠬᠡᠷᠡᠭᠲᠡᠢ ᠃ ᠲᠡᠷᠡ ᠶᠣᠰᠣᠭᠠᠷ ᠨᠢ | ᠨᠠᠶᠢᠳᠠᠪᠤᠷᠢᠵᠢᠭᠤᠯᠬᠤ ᠶᠢ ᠠᠳᠬᠤᠵᠤ ᠂ ᠡᠴᠦᠰ ᠤᠨ ᠦᠷ᠎ᠡ | ᠪᠦᠲᠦᠮᠵᠢ ᠨᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠵᠣᠷᠢᠯᠲᠠ ᠳᠤ ᠨᠡᠶᠢᠴᠡᠬᠦ ᠶᠢ ᠪᠠᠲᠤᠯᠠᠬᠤ | ᠬᠡᠷᠡᠭᠲᠡᠢ ᠃ ᠡᠷᠡᠰ ᠰᠢᠭᠤᠷᠬᠠᠢ ᠪᠠᠷ | ᠨᠠᠶᠢᠳᠠᠪᠤᠷᠢᠵᠢᠭᠤᠯᠤᠯᠲᠠ ᠶᠢ ᠠᠳᠬᠤᠵᠤ ᠂ ᠲᠣᠬᠢᠷᠠᠮᠵᠢᠲᠠᠢ | ᠴᠠᠭ ᠲᠣᠬᠢᠷᠠᠮᠵᠢᠲᠠᠢ ᠬᠡᠮᠵᠢᠶ᠎ᠡ ᠦᠷ᠎ᠡ ᠪᠦᠲᠦᠮᠵᠢ | ᠭᠠᠷᠭᠠᠬᠤ ᠶᠢ ᠨᠢᠭᠡᠳᠦᠯᠲᠡᠢ ᠲᠥᠯᠥᠪᠵᠢᠭᠦᠯᠦᠨ ᠡᠵᠡᠮᠳᠡᠬᠦ | ᠬᠡᠷᠡᠭᠲᠡᠢ ᠃ ᠦᠨᠡᠨ ᠪᠣᠳᠠᠲᠠᠢ ᠨᠠᠶᠢᠳᠠᠪᠤᠷᠢᠵᠢᠭᠤᠯᠤᠯᠲᠠ ᠶᠢ | ᠠᠳᠬᠤᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠡᠷᠡᠰ | ᠵᠠᠯᠠᠷᠠᠭᠤᠯᠬᠤ ᠬᠡᠷᠡᠭᠲᠡᠢ ᠃ ᠵᠣᠷᠢᠭᠲᠠᠢ ᠪᠠᠷ ᠬᠢᠵᠦ ᠵᠢᠳᠬᠦᠯ | ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠤᠯᠲᠠ ᠶᠢ | ᠠᠳᠬᠤᠵᠤ ᠂ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ | ᠪᠠᠷᠢᠮᠲᠠᠯᠠᠵᠤ ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ | ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ | ᠴᠢᠨᠠᠷ ᠢ ᠭᠦᠢᠴᠡᠳ ᠪᠠᠳᠠᠷᠠᠭᠤᠯᠬᠤ ᠬᠡᠷᠡᠭᠲᠡᠢ ᠃ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢᠨ ᠬᠠᠮᠲᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠵᠢᠯ ᠤᠨ ᠰᠡᠭᠦᠯᠴᠢ ᠣᠨ ᠤ ᠡᠬᠢᠨ ᠤ ᠴᠢᠬᠤᠯᠠ | ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢ | ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ | ᠰᠠᠶᠢᠲᠤᠷ ᠬᠢᠵᠦ ᠂ ᠬᠥᠯᠥᠰᠦᠨ ᠲᠠᠷᠢᠶᠠᠴᠢᠨ ᠤ ᠴᠠᠯᠢᠩ ᠢ ᠴᠠᠭ | ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠵᠤ ᠂ | ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠢ ᠬᠠᠯᠠᠮᠵᠢᠯᠠᠵᠤ ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠭᠦᠨᠵᠡᠭᠡᠢ ᠨᠠᠶᠢᠳᠠᠪᠤᠷᠢᠵᠢᠭᠤᠯᠵᠤ ᠂ ᠠᠷᠠᠳ ᠤᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ | ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ᠂ ᠪᠦᠭᠦ ᠨᠠᠮ ᠢᠶᠠᠷ ᠢᠶᠠᠨ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ ᠂ | ᠢᠲᠡᠭᠡᠯ ᠵᠣᠷᠢᠭ ᠢᠶᠠᠨ ᠪᠠᠲᠤᠳᠬᠠᠵᠤ ᠂ ᠵᠠᠮ ᠨᠡᠭᠡᠭᠡᠨ | ᠤᠷᠤᠭᠰᠢᠯᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ | ᠪᠡᠶᠡᠯᠡᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ | ᠠᠵᠢᠯᠯᠠᠭ᠎ᠠ ᠪᠣᠯᠣᠨ ᠦᠷ᠎ᠡ ᠪᠦᠲᠦᠮᠵᠢ ᠪᠠᠷ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠰᠦᠭᠡᠢ ᠭᠡᠵᠦ ᠤᠷᠢᠶᠠᠯᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ | ᠱᠦᠵᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ | ᠪᠦᠬᠦᠢ ᠤᠳᠤᠷᠢᠳᠬᠤ ᠨᠥᠬᠦᠳ ᠂ ᠲᠦᠷᠦ ᠶᠢᠨ ᠶᠠᠪᠤᠳᠠᠯ ᠤᠨ | ᠭᠡᠰᠢᠭᠦᠨ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ | ᠳᠠᠷᠤᠭ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠳᠠᠷᠤᠭ᠎ᠠ ᠂ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ | ᠬᠤᠷᠠᠯ ᠳᠤ ᠣᠷᠣᠯᠴᠠᠪᠠ ᠃ | ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ | ᠬᠠᠷᠢᠶ᠎ᠠ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠳᠠ ᠂ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠥᠬᠦᠳ ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ | ᠬᠤᠯᠪᠣᠭᠳᠠᠯ ᠪᠦᠬᠦᠢ ᠠᠷᠠᠳ ᠤᠨ ᠪᠦᠯᠭᠦᠮ ᠂ ᠲᠥᠪ ᠠᠴᠠ | ᠬᠠᠮᠢᠶᠠᠷᠴᠤ ᠪᠠᠶᠢᠭ᠎ᠠ ᠬᠡᠰᠡᠭ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠣᠯᠣᠨ ᠠᠵᠤ ᠠᠬᠤᠶᠢᠯᠠᠯ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ | ᠬᠤᠷᠠᠯ ᠳᠤ ᠣᠷᠣᠯᠴᠠᠵᠠᠢ ᠃ | |